ᠭᠠᠷ ᠤᠲᠠᠰᠤᠨ ᠤ ᠨᠣᠮᠧᠷ ᠢᠶᠠᠨ ᠬᠦᠴᠦᠨ ᠦᠭᠡᠢ ᠪᠣᠯᠭᠠᠬᠤ ᠨᠢ ᠥᠪᠡᠷ ᠢ ᠪᠠᠨ ᠬᠤᠳᠠᠯᠳᠤᠭᠰᠠᠨ ᠲᠠᠢ ᠠᠳᠠᠯᠢ ᠤᠤ︖ ᠢᠩᠭᠢᠵᠦ ᠬᠤᠯᠪᠣᠭᠠᠰᠤ ᠶᠢ ᠬᠤᠷᠳᠤᠨ ᠲᠠᠶᠢᠯᠵᠦ ᠪᠣᠯᠣᠨ᠎ᠠ
ᠨᠡᠶᠢᠲᠡᠯᠡᠭᠰᠡᠨ ᠴᠠᠭ᠄
2024/4/9
        ᠭᠠᠷ ᠤᠲᠠᠰᠤᠨ ᠤ ᠨᠣᠮᠧᠷ ᠢᠶᠠᠨ ᠬᠡᠷᠡᠭᠯᠡᠬᠦ ᠪᠠᠨ ᠪᠣᠯᠢᠬᠤ ᠪᠠᠷ ᠡᠵᠡᠩᠨᠡᠯᠲᠡ ᠶᠢᠨ ᠲᠢᠩᠬᠢᠮ ᠳᠤ ᠬᠦᠷᠴᠦ ᠬᠦᠴᠦᠨ ᠦᠭᠡᠢ ᠪᠤᠯᠭᠠᠬᠤ ᠭᠠᠷᠳᠠᠮ ᠬᠢᠯᠭᠡᠭᠰᠡᠨ ᠤ ᠬᠤᠶᠢᠨ᠎ᠠ᠂ ᠬᠡᠰᠡᠭ ᠬᠤᠭᠤᠴᠠᠭ᠎ᠠ ᠥᠩᠭᠡᠷᠡᠪᠡᠯ ᠡᠵᠡᠩᠨᠡᠯᠲᠡ ᠶᠢᠨ ᠬᠤᠳᠠᠯᠳᠤᠭᠠᠴᠢᠨ ᠭᠠᠷ ᠤᠲᠠᠰᠤᠨ ᠤ ᠨᠣᠮᠧᠷ ᠢ ᠳᠠᠬᠢᠨ ᠵᠠᠬ᠎ᠠ ᠳᠡᠯᠭᠡᠭᠦᠷ ᠲᠤ ᠣᠷᠣᠭᠤᠯᠵᠤ ᠪᠣᠷᠣᠯᠠᠭᠤᠯᠳᠠᠭ᠃ ᠴᠢᠨᠦ ᠭᠠᠷ ᠤᠲᠠᠰᠤᠨ ᠤ ᠨᠣᠮᠧᠷ ᠢ ᠬᠡᠷᠡᠭᠯᠡᠭᠰᠡᠨ ᠲᠡᠷᠡ ᠬᠥᠮᠥᠨ ᠨᠢ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠢᠶᠠᠷ ᠲᠠᠮᠵᠢᠨ ᠴᠢᠨᠦ ᠲᠣᠭᠠᠴᠠᠭ᠎ᠠ ᠬᠢᠬᠦ ᠡᠷᠳᠡᠨᠢ ︵支付宝︶᠂ ᠸᠢᠴᠠᠲ ᠵᠡᠷᠭᠡ ᠡᠯ᠎ᠡ ᠵᠦᠢᠯ ᠤᠨ ᠵᠥᠭᠡᠯᠡᠨ ᠲᠣᠨᠤᠭ ᠲᠤ ᠭᠠᠷᠴᠤ ᠪᠤᠯᠳᠠᠭ᠂ ᠡᠭᠦᠨ ᠤ ᠦᠷ᠎ᠡ ᠳ᠋ᠦᠩ ᠢ ᠰᠡᠳᠬᠢᠬᠦ  ᠶᠢᠨ ᠠᠷᠭ᠎ᠠ ᠦᠭᠡᠢ ᠶᠤᠮ᠃ ᠡᠨᠡ ᠭᠠᠷ ᠤᠲᠠᠰᠤᠨ ᠤ ᠨᠣᠮᠧᠷ ᠢᠶᠠᠨ ᠬᠤᠯᠪᠣᠭᠰᠠᠨ ᠵᠥᠭᠡᠯᠡᠨ ᠲᠣᠨᠤᠭ ᠤᠨ ᠬᠤᠯᠪᠣᠭᠠᠰᠤ ᠨᠤᠭᠤᠳ ᠢ ᠪᠦᠬᠦᠨ ᠢ ᠲᠠᠶᠢᠯᠵᠦ᠂ ᠲᠡᠷᠡᠴᠢᠯᠡᠨ ᠪᠠᠩᠬᠢ ᠶᠢᠨ ᠺᠠᠷᠲ ᠲᠠᠭᠠᠨ ᠦᠯᠡᠳᠡᠭᠡᠭᠰᠡᠨ ᠭᠠᠷ ᠤᠲᠠᠰᠤᠨ ᠤ ᠨᠣᠮᠧᠷ ᠢᠶᠠᠨ ᠴᠤ ᠵᠠᠪᠠᠯ ᠵᠠᠰᠠᠬᠤ ᠬᠡᠳᠦᠨ ᠠᠯᠬᠤᠮ ᠢ ᠢᠯᠡᠭᠦᠦ ᠬᠡᠳᠦ ᠤᠳᠠᠭ᠎ᠠ ᠬᠢᠵᠦ ᠦᠵᠡᠭᠡᠷᠡᠢ᠃                ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠳᠤ ᠬᠠᠷᠢᠭᠤ ᠥᠭᠪᠡ                ᠬᠦᠴᠦᠨ ᠦᠭᠡᠢ ᠪᠣᠯᠭᠠᠭᠰᠠᠨ ᠭᠠᠷ ᠤᠲᠠᠰᠤᠨ ᠤ ᠨᠣᠮᠧᠷ ᠢ ᠬᠡᠳᠦᠢ ᠤᠳᠠᠪᠠᠯ ᠳᠠᠬᠢᠨ ᠵᠠᠬ᠎ᠠ ᠳᠡᠯᠭᠡᠭᠦᠷ ᠲᠤ ᠣᠷᠣᠭᠤᠯᠳᠠᠭ ᠪᠤᠢ︖ ᠰᠢᠨ᠎ᠡ ᠬᠡᠷᠡᠭᠯᠡᠭᠴᠢ ᠨᠢ ᠪᠠᠰᠠ ᠭᠠᠷ ᠤᠲᠠᠰᠤᠨ ᠤ ᠨᠣᠮᠧᠷ ᠠᠴᠠ ᠪᠠᠨ ᠡᠮᠦᠨᠡᠬᠢ ᠬᠡᠷᠡᠭᠯᠡᠵᠦ ᠪᠠᠶᠢᠭᠰᠠᠨ ᠲᠡᠮᠳᠡᠭᠯᠡᠯ ᠢ ᠡᠷᠢᠵᠦ ᠣᠯᠵᠤ ᠴᠢᠳᠠᠨ᠎ᠠ ᠦᠦ︖                ᠰᠤᠷᠪᠤᠯᠵᠢᠯᠠᠭᠴᠢ ᠬᠡᠷᠡᠭᠯᠡᠭᠴᠢᠳ ᠤᠨ ᠪᠡᠶ᠎ᠡ ᠬᠡᠮ ᠢᠶᠠᠷ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠡᠷᠡᠭᠯᠡᠭᠴᠢ ᠶᠢᠨ ᠦᠢᠯᠡᠴᠢᠯᠡᠭᠡᠨ ᠤ ᠤᠲᠠᠰᠤ ᠶᠢ ᠠᠪᠤᠭᠰᠠᠨ ᠳᠤ᠂ ᠬᠡᠷᠡᠭᠯᠡᠭᠴᠢ ᠶᠢᠨ ᠦᠢᠯᠡᠴᠢᠯᠡᠭᠡᠨ ᠤ ᠠᠵᠢᠯᠲᠠᠨ᠄ ᠬᠡᠷᠡᠭᠯᠡᠭᠴᠢ ᠶᠢᠨ ᠭᠠᠷ ᠤᠲᠠᠰᠤᠨ ᠤ ᠨᠣᠮᠧᠷ ᠢ ᠬᠦᠴᠦᠨ ᠦᠭᠡᠢ ᠪᠣᠯᠭᠠᠭᠰᠠᠨ ᠡᠳᠦᠷ   ᠨᠢ 90 ᠡᠳᠦᠷ ᠢ ᠬᠡᠲᠦᠷᠡᠪᠡᠯ ᠳᠠᠭᠢᠵᠤ ᠲᠦᠷᠦᠭᠦᠨ ᠤ ᠬᠡᠷᠡᠭᠯᠡᠭᠴᠢ ᠶᠢᠨ ᠬᠡᠷᠡᠭᠯᠡᠵᠦ ᠪᠠᠶᠢᠭᠰᠠᠨ ᠲᠡᠮᠳᠡᠭᠯᠡᠯ ᠢ ᠡᠷᠢᠵᠦ ᠣᠯᠬᠤ ᠶᠢᠨ ᠠᠷᠭ᠎ᠠ ᠦᠭᠡᠢ ᠪᠤᠯᠳᠠᠭ᠂ ᠬᠦᠴᠦᠨ ᠦᠭᠡᠢ ᠪᠣᠯᠭᠠᠭᠰᠠᠨ ᠤ ᠳᠠᠷᠠᠭᠠᠬᠢ ᠨᠣᠮᠧᠷ ᠢ ᠦᠨᠡᠬᠡᠷ ᠳᠠᠭᠢᠵᠤ ︽ᠨᠣᠮᠧᠷ ᠤᠨ ᠲᠠᠲᠠᠭᠠᠯ︾ ᠳᠤ ᠣᠷᠣᠭᠤᠯᠵᠤ ᠲᠠᠯᠪᠢᠳᠠᠭ ᠪᠣᠯᠪᠠᠴᠤ ᠣᠷᠣᠭᠤᠯᠵᠤ ᠲᠠᠯᠪᠢᠬᠤ ᠴᠠᠭ ᠬᠤᠭᠤᠴᠠᠭ᠎ᠠ ᠶᠢ ᠨᠢ ᠲᠣᠭᠲᠠᠭᠠᠬᠤ ᠶᠢᠨ ᠠᠷᠭ᠎ᠠ ᠦᠭᠡᠢ ᠪᠠᠶᠢᠳᠠᠭ ᠭᠡᠵᠡᠢ᠃ ᠡᠭᠦᠨ ᠠᠴᠠ ᠭᠠᠳᠠᠨ᠎ᠠ᠂ ᠭᠠᠷ ᠤᠲᠠᠰᠤᠨ ᠤ ᠨᠣᠮᠧᠷ ᠢ ᠰᠢᠨ᠎ᠡ ᠬᠡᠷᠡᠭᠯᠡᠭᠴᠢ ᠢᠳᠡᠪᠬᠢᠵᠢᠭᠦᠯᠦᠭᠰᠡᠨ ᠤ ᠳᠠᠷᠠᠭ᠎ᠠ᠂ ᠰᠢᠨ᠎ᠡ ᠬᠡᠷᠡᠭᠯᠡᠭᠴᠢ ᠨᠢ ᠲᠣᠰ ᠨᠣᠮᠧᠷ ᠢ ᠬᠡᠷᠡᠭᠯᠡᠵᠦ ᠪᠠᠶᠢᠭᠰᠠᠨ ᠡᠵᠡᠨ ᠤ ᠰᠦᠢᠳᠬᠡᠯ ᠲᠤᠰᠢᠶᠠᠭᠰᠠᠨ ᠨᠠᠷᠢᠨ ᠪᠠᠶᠢᠳᠠᠯ ᠵᠡᠷᠭᠡ ᠬᠠᠮᠢᠶ᠎ᠠ ᠪᠦᠬᠦᠢ ᠲᠡᠮᠳᠡᠭᠯᠡᠯ ᠢ ᠪᠠᠶᠢᠴᠠᠭᠠᠨ ᠣᠯᠵᠤ ᠴᠢᠳᠠᠬᠤ ᠦᠭᠡᠢ ᠶᠤᠮ ᠭᠡᠵᠦ ᠬᠡᠯᠡᠪᠡ᠃                ᠳᠤᠮᠳᠠᠳᠤ ᠤᠯᠤᠰ ᠤᠨ ᠰᠢᠯᠵᠢᠮᠡᠯ ᠺᠤᠮᠫᠠᠨᠢ ᠶᠢᠨ ᠦᠢᠯᠡᠴᠢᠯᠡᠭᠡᠨ ᠤ ᠠᠵᠢᠯᠲᠠᠨ ᠬᠡᠯᠡᠬᠦ ᠳᠡᠭᠡᠨ᠂ ᠬᠦᠴᠦᠨ ᠦᠭᠡᠢ ᠪᠣᠯᠭᠠᠭᠰᠠᠨ ᠭᠠᠷ ᠤᠲᠠᠰᠤᠨ ᠤ ᠨᠣᠮᠧᠷ ᠨᠢ ᠳᠠᠭᠢᠵᠤ ᠵᠠᠬ᠎ᠠ ᠳᠡᠯᠭᠡᠭᠦᠷ ᠲᠤ ᠤᠷᠤᠭᠤᠯᠬᠤ ᠪᠣᠯᠣᠯᠴᠠᠭ᠎ᠠ ᠲᠠᠢ᠃ ᠬᠡᠷᠪᠡ ᠥᠪᠡᠷ ᠤᠨ ᠣᠳᠣᠬᠠᠨ ᠳᠤ ᠬᠡᠷᠡᠭᠯᠡᠬᠦ ᠪᠠᠨ ᠪᠣᠯᠢᠭᠰᠠᠨ App᠂ ᠪᠠᠩᠬᠢ ᠠᠴᠠ ᠢᠷᠡᠭᠦᠯᠦᠭᠰᠡᠨ ᠣᠬᠤᠷ ᠮᠡᠳᠡᠭᠡ ᠶᠢ ᠰᠢᠯᠲᠠᠭᠠᠨ ᠢ ᠨᠢ ᠮᠡᠳᠡᠬᠦ ᠦᠭᠡᠢ ᠪᠠᠷ ᠲᠤᠰᠴᠤ ᠣᠯᠬᠤ ᠳᠤ ᠬᠦᠷᠪᠡᠯ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠪᠠᠩᠬᠢ ᠵᠡᠷᠭᠡ ᠲᠠᠢ ᠴᠠᠭ ᠲᠤᠬᠠᠢ ᠳᠤᠨᠢ ᠬᠠᠷᠢᠯᠴᠠᠵᠤ ᠬᠤᠪᠢ ᠬᠥᠮᠥᠨ ᠤ ᠮᠡᠳᠡᠭᠡ ᠵᠠᠩᠭᠢ ᠶᠢᠨ ᠪᠠᠶᠢᠳᠠᠯ ᠢ ᠠᠰᠠᠭᠤᠨ ᠯᠠᠪᠯᠠᠭᠠᠷᠠᠢ ᠭᠡᠪᠡ᠃                ︽ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ︾᠂ ᠬᠤᠯᠪᠣᠭᠰᠠᠨ ᠬᠤᠯᠪᠣᠭᠠᠰᠤ ᠶᠢ ᠲᠦᠷᠭᠡᠨ ᠲᠠᠶᠢᠯᠬᠤ              ᠥᠪᠡᠷ ᠤᠨ ᠨᠡᠷ᠎ᠡ ᠳᠣᠣᠷᠠᠬᠢ ᠭᠠᠷ ᠤᠲᠠᠰᠤᠨ ᠤ ᠨᠣᠮᠧᠷ ᠴᠢᠨᠢ ᠬᠡᠳᠦᠢ ᠢᠨᠲ᠋ᠧᠷ ᠰᠦᠯᠵᠢᠶᠡᠨ ᠤ ᠳᠠᠩᠰᠠ ᠲᠠᠢ ᠬᠤᠯᠪᠣᠭᠳᠠᠵᠤ ᠪᠠᠶᠢᠬᠤ ᠶᠢ ᠶᠠᠭᠠᠬᠢᠵᠤ ᠠᠰᠠᠭᠤᠨ ᠯᠠᠪᠯᠠᠬᠤ ᠪᠤᠢ︖ ᠪᠤᠰᠤᠳ ᠬᠥᠮᠥᠨ ᠴᠢᠨᠦ ᠨᠡᠷ᠎ᠡ ᠪᠠᠷ ᠳᠠᠩᠰᠠᠯᠠᠭᠤᠯᠤᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ︖ ᠡᠭᠦᠨ ᠤ ᠲᠤᠬᠠᠢ ᠳᠣᠣᠷᠠᠬᠢ ᠠᠷᠭ᠎ᠠ ᠪᠠᠷ ᠠᠰᠠᠭᠤᠨ ᠯᠠᠪᠯᠠᠵᠤ ᠪᠣᠯᠣᠨ᠎ᠠ              ᠬᠡᠷᠡᠭᠯᠡᠭᠴᠢᠳ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠸᠢᠴᠠᠲ ᠤᠨ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠸᠢᠴᠠᠲ ᠤᠨ ᠰᠣᠨᠢᠨ︾ ᠪᠠ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠢ ᠠᠩᠭᠢ︾᠂ ︽ᠳᠤᠮᠳᠠᠳᠤ ᠤᠯᠤᠰ ᠤᠨ ᠮᠡᠳᠡᠭᠡ ᠵᠠᠩᠭᠢᠵᠢᠯᠲᠠ ᠶᠢᠨ ᠬᠦᠷᠢᠶᠡᠯᠡᠩ︾ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠢᠴᠢ ︽ᠲᠣᠭᠠᠴᠠᠭ᠎ᠠ ᠬᠢᠬᠦ ᠡᠷᠳᠡᠨᠢ︾ ᠶᠢᠨ ︽ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ︾ ᠵᠢᠵᠢᠭ ᠫᠷᠣᠭ᠍ᠷᠠᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠨ ᠯᠠᠪᠯᠠᠬᠤ ᠤᠷᠤᠴᠠ ᠳᠤ ᠣᠷᠣᠵᠤ ᠠᠰᠠᠭᠤᠨ ᠯᠠᠪᠯᠠᠵᠤ ᠪᠣᠯᠣᠨ᠎ᠠ᠃                 ᠡᠭᠦᠨ ᠳᠤ᠂ ᠢᠨᠲ᠋ᠧᠷ ᠰᠦᠯᠵᠢᠶᠡᠨ ᠤ ᠲᠠᠩᠰᠠᠨ ᠨᠣᠮᠧᠷ ᠨᠢ ᠸᠢᠴᠠᠲ᠂ ᠲᠣᠭᠠᠴᠠᠭ᠎ᠠ ᠬᠢᠬᠦ ᠡᠷᠳᠡᠨᠢ ᠵᠡᠷᠭᠡ 16 ᠲᠠᠪᠴᠠᠩ ᠢ ᠬᠠᠮᠤᠷᠴᠤ ᠪᠤᠢ᠂ ᠭᠤᠶᠤᠴᠢᠯᠠᠯ ᠳᠡᠪᠰᠢᠭᠦᠯᠦᠭᠰᠡᠨ ᠤ ᠳᠠᠷᠠᠭ᠎ᠠ 48 ᠴᠠᠭ ᠤᠨ ᠳᠣᠲᠣᠷ᠎ᠠ ᠣᠬᠤᠷ ᠮᠡᠳᠡᠭᠡ ᠪᠠᠷ ᠦᠷ᠎ᠡ ᠳ᠋ᠦᠩ ᠢ ᠮᠡᠳᠡᠭᠳᠡᠬᠦ ᠪᠣᠯᠣᠨ᠎ᠠ᠃                 ᠭᠠᠷ ᠤᠲᠠᠰᠤᠨ ᠤ ᠨᠣᠮᠧᠷ ᠢᠶᠠᠨ ᠰᠣᠯᠢᠬᠤ ᠠᠴᠠ ᠡᠮᠦᠨ᠎ᠡ ᠵᠠᠪᠠᠯ ᠬᠢᠬᠦ ᠴᠢᠬᠤᠯᠠᠲᠠᠢ ᠠᠵᠢᠯ                ᠥᠩᠭᠡᠷᠡᠭᠰᠡᠨ ᠳᠤ ᠵᠠᠷᠢᠮ ᠬᠥᠮᠥᠨ ᠭᠠᠷ ᠤᠲᠠᠰᠤᠨ ᠤ ᠨᠣᠮᠧᠷ ᠢᠶᠠᠨ ᠰᠣᠯᠢᠭᠰᠠᠨ ᠤ ᠳᠠᠷᠠᠭ᠎ᠠ᠂ ᠰᠦᠯᠵᠢᠶᠡᠨ ᠤ ᠳᠠᠩᠰᠠᠨ ᠳᠠᠬᠢ ᠵᠣᠭᠤᠰ ᠢ ᠨᠢ ᠪᠤᠰᠤᠳ ᠬᠥᠮᠥᠨ ᠰᠢᠯᠵᠢᠭᠦᠯᠦᠨ ᠠᠪᠠᠴᠢᠭᠰᠠᠨ︔ ᠪᠠᠰᠠ ᠵᠠᠷᠢᠮ ᠬᠥᠮᠥᠨ ᠭᠠᠷ ᠤᠲᠠᠰᠤᠨ ᠤ ᠨᠣᠮᠧᠷ ᠢᠶᠠᠨ ᠰᠣᠯᠢᠭᠰᠠᠨ ᠠᠴᠠ ᠪᠣᠯᠵᠤ ᠨᠡᠶᠢᠭᠡᠮ ᠤᠨ ᠬᠠᠷᠢᠯᠴᠠᠭᠠᠨ ᠤ ᠲᠠᠩᠰᠠᠨ ᠨᠣᠮᠧᠷ  ᠨᠢ ᠬᠤᠯᠠᠭᠠᠶᠢᠯᠠᠭᠳᠠᠵᠤ᠂ ᠮᠡᠬᠡᠯᠡᠭᠴᠢ ᠨᠢ ᠤᠤᠯ ᠭᠠᠷ ᠤᠲᠠᠰᠤᠨ ᠤ ᠡᠵᠡᠨ ᠤ ᠨᠡᠷ᠎ᠡ ᠪᠠᠷ ᠢᠶᠠᠨ ᠭᠠᠵᠠᠷ ᠪᠣᠯᠭᠠᠨ ᠠᠴᠠ ︽ᠵᠣᠭᠤᠰ ᠵᠢᠭᠡᠯᠡᠭᠰᠡᠨ︾᠁ ᠶᠠᠪᠤᠳᠠᠯ ᠭᠠᠷᠴᠠᠢ᠃                ᠠᠩᠬᠠᠷ︕ ᠭᠠᠷ ᠤᠲᠠᠰᠤᠨ ᠤ ᠨᠣᠮᠧᠷ ᠢᠶᠠᠨ ᠰᠣᠯᠢᠬᠤ ᠪᠤᠶᠤ ᠬᠦᠴᠦᠨ ᠦᠭᠡᠢ ᠪᠤᠯᠭᠠᠬᠤ ᠠᠴᠠ ᠡᠮᠦᠨ᠎ᠡ᠂ ᠳᠣᠣᠷᠠᠬᠢ ᠵᠦᠢᠯᠡᠰ ᠢ ᠬᠢᠬᠦ ᠪᠠᠨ ᠶᠠᠭᠠᠬᠢᠭᠰᠠᠨ ᠴᠤ ᠪᠢᠲᠡᠭᠡᠢ ᠮᠠᠷᠲᠠᠭᠠᠷᠠᠢ᠄                ᠳ᠋ᠢᠶᠠᠩᠬᠤᠸᠠ ᠶᠢᠨ ᠮᠠᠲ᠋ᠧᠷᠢᠶᠠᠯ ᠢᠶᠠᠨ ᠬᠠᠭᠤᠯᠤᠨ ᠬᠠᠳᠠᠭᠠᠯᠠᠬᠤ︔                ᠪᠠᠩᠬᠢ ᠶᠢᠨ ᠺᠠᠷᠲ ᠢᠶᠠᠨ ᠬᠤᠯᠪᠣᠭᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔              ᠪᠠᠷᠠᠭ᠎ᠠ ᠬᠤᠳᠠᠯᠳᠤᠨ ᠠᠪᠬᠤ ᠰᠦᠯᠵᠢᠶᠡᠨ ᠤ ᠥᠷᠲᠡᠭᠡ᠂ ᠲᠣᠭᠠᠴᠠᠭ᠎ᠠ ᠬᠢᠬᠦ ᠲᠠᠩᠰᠠᠨ ᠡᠷᠦᠬᠡ ᠵᠡᠷᠭᠡ ᠶᠢ ᠬᠤᠯᠪᠣᠭᠰᠠᠨ ᠭᠠᠷ ᠤᠲᠠᠰᠤᠨ ᠳᠠᠬᠢ ᠨᠣᠮᠧᠷ  ᠢᠶᠠᠨ ᠬᠠᠯᠠᠬᠤ︔                ᠪᠢᠴᠢᠯ ᠪᠦᠷᠭᠡ᠂ ᠸᠢᠴᠠᠲ᠂ QQ ᠵᠡᠷᠭᠡ ᠨᠡᠶᠢᠭᠡᠮ ᠤᠨ ᠬᠠᠷᠢᠯᠴᠠᠭᠠᠨ ᠤ ᠳᠠᠩᠰᠠᠨ ᠨᠣᠮᠧᠷ ᠢ ᠬᠤᠯᠪᠣᠭᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔                ᠰᠦᠯᠵᠢᠶᠡᠨ ᠤ ᠲᠠᠪᠠᠭ ᠪᠤᠶᠤ ᠡᠭᠦᠯᠡᠨ ᠤ ᠦᠢᠯᠡᠴᠢᠯᠡᠭᠡ ᠶᠢ ᠬᠤᠯᠪᠣᠭᠰᠠᠨ ᠭᠠᠷ ᠤᠲᠠᠰᠤᠨ ᠳᠠᠬᠢ ᠨᠣᠮᠧᠷ ᠢᠶᠠᠨ ᠬᠠᠯᠠᠬᠤ︔ ᠭᠡᠰᠢᠭᠦᠨ ᠤ ᠮᠡᠳᠡᠭᠡ ᠵᠠᠩᠭᠢ  ᠪᠠᠨ ᠬᠠᠯᠠᠬᠤ︔               ᠭᠠᠷ ᠤᠲᠠᠰᠤᠨ ᠤ ᠨᠣᠮᠧᠷ ᠢᠶᠠᠨ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠬᠠᠮᠤᠭ ᠤᠨ ᠰᠠᠶᠢᠨ ᠨᠢ SIM ᠺᠠᠷᠲ ᠢ ᠤᠰᠠᠳᠬᠠᠭᠠᠷᠠᠢ᠂ ᠪᠢᠲᠡᠭᠡᠢ ᠳᠤᠷ᠎ᠠ ᠪᠠᠷ ᠢᠶᠠᠨ ᠬᠠᠶᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号