ᠰᠢᠨ᠎ᠡ ᠡᠨᠧᠷᠭᠢ ᠶᠢᠨ ᠮᠠᠰᠢᠨ ᠲᠡᠷᠭᠡ ᠬᠤᠶᠢᠨ᠎ᠠ ᠬᠤᠶᠢᠨ᠎ᠠ ᠠᠴᠠ ᠪᠠᠨ ᠬᠢᠮᠳᠠᠷᠠᠵᠤ ᠪᠠᠶᠢᠬᠤ ᠳᠤ ᠮᠠᠰᠢᠨ ᠲᠡᠷᠭᠡᠨ ᠤ ᠳᠠᠭᠠᠳᠬᠠᠯ ᠤᠨ ᠰᠦᠢᠳᠬᠡᠯ ᠶᠠᠭᠠᠬᠢᠭᠠᠳ ᠪᠠᠭᠤᠷᠠᠳᠠᠭ ᠦᠭᠡᠢ ᠪᠣᠶ︖
ᠨᠡᠶᠢᠲᠡᠯᠡᠭᠰᠡᠨ ᠴᠠᠭ᠄
2024/4/9
      ᠡᠨᠡ ᠵᠢᠯ ᠠᠴᠠ ᠨᠠᠭᠠᠰᠢ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠯᠠᠨ ᠠᠵᠤ ᠠᠬᠤᠶᠢᠯᠠᠯ ᠨᠢ ᠬᠡᠰᠡᠭ ᠨᠠᠷᠠᠲᠤ ᠲᠡᠮᠳᠡᠭᠲᠦ ᠮᠠᠰᠢᠨ ᠲᠡᠷᠭᠡᠨ ᠤ ᠪᠠᠨ ᠦᠨ᠎ᠡ ᠶᠢ ᠪᠠᠭᠤᠷᠠᠭᠤᠯᠬᠤ ᠪᠤᠶᠤ ᠬᠤᠭᠤᠴᠠᠭ᠎ᠠ ᠲᠣᠭᠲᠠᠭᠠᠨ ᠬᠠᠷᠠᠭᠠᠯᠵᠠᠯ ᠬᠦᠷᠲᠡᠭᠡᠨ᠎ᠡ ᠭᠡᠵᠦ ᠨᠡᠶᠢᠲᠡᠯᠡᠪᠡ᠃ ᠭᠡᠪᠡᠴᠦ ᠲᠣᠰᠣ ᠰᠢᠲᠠᠭᠠᠳᠠᠭ ᠲᠡᠷᠭᠡ ᠲᠠᠢ ᠬᠠᠷᠢᠴᠠᠭᠤᠯᠪᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠰᠦᠢᠳᠬᠡᠯ ᠤᠨ ᠦᠨ᠎ᠡ ᠨᠢ ᠥᠨᠳᠥᠷ ᠰᠢᠭ ᠪᠠᠶᠢᠳᠠᠭ᠃ ᠬᠤᠲᠠ ᠶᠢᠨ ᠠᠷᠠᠳ ᠽᠠᠩ ᠠᠪᠠᠭ᠋ᠠᠢ ᠬᠡᠯᠡᠬᠦ ᠳᠡᠭᠡᠨ᠂ ᠲᠡᠭᠦᠨ ᠤ ᠮᠠᠰᠢᠨ ᠲᠡᠷᠭᠡᠨ ᠤ ᠳᠠᠭᠠᠳᠬᠠᠯ ᠤᠨ ᠰᠦᠢᠳᠬᠡᠯ 8000 ᠭᠠᠷᠤᠢ ᠲᠥᠭᠦᠷᠢᠭ ᠪᠣᠯᠣᠨ᠎ᠠ᠂ ᠡᠨᠡ ᠨᠢ ᠠᠳᠠᠯᠢ ᠲᠠᠰ ᠤᠨ ᠲᠣᠰᠣ ᠰᠢᠲᠠᠭᠠᠳᠠᠭ ᠮᠠᠰᠢᠨ ᠲᠡᠷᠭᠡᠨ ᠤ ᠳᠠᠭᠠᠳᠬᠠᠯ ᠤᠨ ᠰᠦᠢᠳᠬᠡᠯ ᠠᠴᠠ 2000 ᠲᠥᠭᠦᠷᠢᠭ ᠣᠷᠴᠢᠮ ᠥᠨᠳᠥᠷ ᠶᠤᠮ ᠭᠡᠪᠡ᠃             ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠬᠡᠰᠡᠭ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠬᠤ ᠦᠨ᠎ᠡ ᠨᠡᠯᠢᠶᠡᠳ ᠳᠣᠣᠷ᠎ᠠ ᠪᠠᠶᠢᠨ᠎ᠠ᠂ ᠭᠡᠪᠡᠴᠦ ᠮᠠᠰᠢᠨ ᠲᠡᠷᠭᠡᠨ ᠤ ᠦᠨ᠎ᠡ ᠶᠢᠨ ᠲᠣᠬᠢᠷᠠᠭᠤᠯᠤᠯᠲᠠ ᠲᠠᠢ ᠬᠠᠷᠢᠴᠠᠭᠤᠯᠪᠠᠯ᠂ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠨᠢ ᠢᠯᠡᠳᠲᠡ ᠪᠠᠭᠤᠷᠠᠭᠰᠠᠨ ᠦᠭᠡᠢ᠃ ᠣᠳᠣᠬᠠᠨ ᠳᠤ᠂ ᠬᠡᠳᠦᠶᠢᠪᠡᠷ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠨ᠎ᠡ ᠬᠠᠩᠰᠢ ᠬᠢᠮᠳᠠ ᠪᠣᠯᠤᠭᠰᠠᠨ ᠪᠣᠯᠪᠠᠴᠤ 4 S ᠳᠡᠯᠭᠡᠭᠦᠷ ᠤᠨ ᠰᠡᠯᠪᠢᠨ ᠵᠠᠰᠠᠬᠤ ᠦᠨ᠎ᠡ ᠨᠢ ᠪᠠᠭᠤᠷᠠᠭᠤᠯᠤᠭᠰᠠᠨ ᠦᠭᠡᠢ᠂ 4 S ᠳᠡᠯᠭᠡᠭᠦᠷ ᠤᠨ ᠰᠡᠯᠪᠢᠭ ᠲᠤᠨᠤᠭ ᠤᠨ ᠦᠨ᠎ᠡ ᠬᠠᠩᠰᠢ᠂ ᠠᠵᠢᠯᠴᠢᠨ ᠤ ᠠᠵᠢᠯᠯᠠᠬᠤ ᠴᠠᠭ ᠤᠨ ᠰᠦᠢᠳᠬᠡᠯ ᠵᠡᠷᠭᠡ ᠨᠢ ᠮᠥᠨ ᠬᠦ ᠥᠩᠭᠡᠷᠡᠭᠰᠡᠨ ᠤ ᠬᠢ ᠲᠠᠢ  ᠠᠳᠠᠯᠢ  ᠪᠣᠯᠬᠤᠷ ᠳᠠᠭᠠᠳᠬᠠᠯ ᠤᠨ ᠺᠣᠮᠫᠠᠨᠢ ᠨᠢ ᠪᠦᠬᠦᠯᠢ ᠮᠠᠰᠢᠨ ᠲᠡᠷᠭᠡᠨ ᠤ ᠦᠨ᠎ᠡ ᠬᠠᠩᠰᠢ ᠶᠢᠨ ᠪᠠᠭᠤᠷᠠᠯᠲᠠ ᠳᠤᠮᠳᠠ ᠠᠴᠠ ᠭᠦᠢᠴᠡᠳ ᠠᠰᠢᠭ ᠬᠤᠨᠵᠢᠪᠤᠷᠢ ᠣᠯᠣᠭᠰᠠᠨ ᠦᠭᠡᠢ ᠶᠤᠮ᠃               ᠤᠮᠠᠷᠠᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠰᠤᠳᠤᠯᠭᠠᠨ ᠤ ᠲᠥᠪ ᠤᠨ ᠰᠤᠳᠤᠯᠤᠭᠴᠢ ᠵᠠᠩ ᠰᠢᠶᠠᠩ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠯᠣᠨ ᠲᠣᠰᠣ ᠰᠢᠲᠠᠭᠠᠳᠠᠭ ᠮᠠᠰᠢᠨ ᠲᠡᠷᠭᠡᠨ ᠤ ᠵᠢᠯᠤᠭᠤᠳᠬᠤ ᠣᠨᠴᠠᠯᠢᠭ ᠨᠢ ᠮᠠᠰᠢ ᠶᠡᠭᠡ ᠢᠯᠭᠠᠭ᠎ᠠ ᠲᠠᠢ ᠪᠠᠶᠢᠳᠠᠭ᠃ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠶᠡᠷᠦ ᠳᠡᠭᠡᠨ ᠣᠶᠤᠨᠴᠢ ᠪᠠᠷ ᠰᠦᠯᠵᠢᠶ᠎ᠡ ᠬᠤᠯᠪᠣᠬᠤ᠂ ᠠᠦ᠋ᠲ᠋ᠣ᠋ ᠪᠠᠷ ᠵᠢᠯᠤᠭᠤᠳᠬᠤ ᠵᠡᠷᠭᠡ ᠣᠨᠴᠠᠯᠢᠭ ᠲᠠᠢ ᠪᠠᠶᠢᠳᠠᠭ᠂ ᠳᠠᠭᠠᠳᠬᠠᠯ ᠤᠨ ᠺᠣᠮᠫᠠᠨᠢ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠨᠡ ᠲᠠᠯ᠎ᠠ ᠪᠠᠷ ᠬᠢ ᠲᠥᠯᠥᠪᠦᠷᠢ ᠥᠭᠬᠦ ᠨᠣᠷᠮ᠎ᠠ ᠨᠡᠯᠢᠶᠡᠳ ᠥᠨᠳᠥᠷ ᠪᠠᠶᠢᠬᠤ ᠶᠢ ᠣᠯᠵᠤ ᠮᠠᠲᠠᠵᠠᠢ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠢ ᠠᠰᠢᠭ ᠣᠯᠵᠠᠪᠤᠷᠢ ᠲᠠᠢ ᠪᠠᠶᠢᠯᠭᠠᠬᠤ ᠶᠢᠨ ᠲᠥᠯᠥᠭᠡ᠂ ᠳᠠᠭᠠᠳᠬᠠᠯ ᠤᠨ ᠺᠣᠮᠫᠠᠨᠢ ᠨᠢ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠬᠠᠩᠰᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠳᠠᠭ ᠭᠡᠪᠡ᠃                ᠡᠭᠦᠨ ᠤ ᠬᠠᠮᠲᠤ᠂ ᠠᠵᠢᠯ ᠲᠥᠷᠥᠯ ᠤᠨ ᠬᠥᠮᠥᠰ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠥᠷᠢᠰᠦᠯᠳᠦᠭᠡᠨ ᠬᠤᠷᠴᠠ ᠰᠢᠷᠦᠭᠦᠨ ᠪᠠᠶᠢᠵᠤ᠂ ᠵᠠᠷᠢᠮ ᠮᠠᠰᠢᠨ ᠲᠡᠷᠭᠡᠨ ᠤ ᠠᠵᠤ ᠠᠬᠤᠶᠢᠯᠠᠯ ᠨᠢ ᠨᠢᠭᠡ ᠵᠢᠯ ᠪᠣᠯᠣᠭᠠᠳᠤᠢ ᠪᠠᠷ ᠮᠠᠰᠢᠨ ᠲᠡᠷᠭᠡᠨ ᠤ ᠪᠠᠨ ᠬᠡᠯᠪᠡᠷᠢ ᠶᠢ ᠲᠠᠰ ᠳᠡᠪᠰᠢᠭᠦᠯᠵᠦ ᠪᠠᠶᠢᠨ᠎ᠠ᠂ ᠡᠨᠡ ᠨᠢ ᠮᠠᠰᠢ ᠣᠯᠠᠨ ᠮᠠᠰᠢᠨ ᠲᠡᠷᠭᠡ ᠭᠠᠷᠤᠭᠠᠳ ᠳᠡᠮᠡᠢ ᠬᠡᠳᠦᠨ ᠵᠢᠯ ᠪᠣᠯᠤᠭ᠎ᠠ ᠦᠭᠡᠢ ᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠢ ᠬᠠᠷᠠᠭᠤᠯᠵᠤ ᠪᠠᠶᠢᠬᠤ ᠪᠥᠭᠡᠳ  ᠪᠠᠰᠠ ᠳᠠᠭᠠᠳᠬᠠᠯ ᠤᠨ ᠺᠣᠮᠫᠠᠨᠢ ᠶᠢᠨ ᠲᠥᠯᠥᠪᠦᠷᠢ ᠶᠢᠨ ᠬᠤᠬᠢᠷᠠᠯ ᠢ ᠲᠣᠭᠲᠠᠭᠠᠬᠤ ᠳᠤ ᠬᠦᠴᠢᠷᠳᠡᠯ ᠲᠤᠯᠭᠠᠷᠠᠭᠰᠠᠨ ᠢ ᠬᠠᠷᠠᠭᠤᠯᠵᠤ ᠪᠠᠶᠢᠨ᠎ᠠ ᠭᠡᠵᠡᠢ᠃                ᠭᠠᠳᠠᠭᠠᠳᠤ ᠠᠵᠤ ᠠᠬᠤᠢ ᠠᠷᠠᠯᠵᠢᠶᠠᠨ ᠤ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠸᠠᠩ ᠭᠦᠸᠧ ᠵᠢᠶᠦ᠋ᠨ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠬᠠᠩᠰᠢ ᠶᠢ ᠨᠥᠯᠥᠭᠡᠯᠡᠬᠦ ᠬᠦᠴᠦᠨ ᠵᠦᠢᠯ ᠮᠠᠰᠢ ᠣᠯᠠᠨ ᠪᠤᠢ᠂ ᠭᠡᠪᠡᠴᠦ ᠲᠡᠭᠦᠨ ᠤ ᠦᠨ᠎ᠡ ᠬᠠᠩᠰᠢ ᠶᠢ ᠪᠠᠭᠤᠷᠠᠭᠤᠯᠬᠤ ᠬᠦᠴᠦᠨ ᠵᠦᠢᠯ ᠨᠢ ᠶᠡᠷᠦᠨᠢ ᠲᠡᠭᠦᠨ ᠤ ᠦᠨ᠎ᠡ ᠬᠠᠩᠰᠢ ᠶᠢ ᠥᠰᠬᠡᠬᠦ ᠨᠥᠯᠥᠭᠡ ᠶᠢ ᠳᠠᠭᠠᠭᠠᠵᠤ ᠲᠡᠶᠢᠯᠬᠦ ᠦᠭᠡᠢ ᠪᠠᠶᠢᠳᠠᠭ ᠭᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ​
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号