ᠰᠢᠯᠢ ᠶᠢᠨ ᠭᠤᠣᠯ ᠠᠶᠢᠮᠠᠭ ᠤᠨ 2024 ᠣᠨ ᠤ ᠮᠢᠬᠠᠨ ᠤ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠢ ᠳᠠᠭᠠᠬᠤ ᠶᠢᠨ ᠲᠥᠯᠥᠭᠡ᠂ ᠵᠢᠷ ᠤᠨ | ᠭᠤᠣᠯ ᠪᠠᠯᠭᠠᠰᠤᠨ ᠤ ᠵᠢᠷ ᠤᠨ ᠭᠤᠣᠯ ᠭᠠᠴᠠᠭ᠎ᠠ ᠣᠲᠣ ᠶᠢᠨ ᠪᠠᠶᠢᠭ᠎ᠠ ᠬᠠᠮᠲᠤ ᠶᠢᠨ ᠠᠵᠤ ᠠᠬᠤᠢ ᠶᠢᠨ ᠰᠠᠭᠤᠷᠢ | ᠪᠡᠯᠡᠳᠬᠡᠮᠵᠢ ᠪᠠᠨ ᠵᠦᠢ ᠵᠣᠬᠢᠰᠲᠠᠢ ᠠᠰᠢᠭᠯᠠᠵᠤ᠂ ︽ᠮᠠᠯ ᠠᠵᠤ ᠠᠬᠤᠢ ᠶᠢᠨ ᠬᠤᠷᠰᠢᠶᠠᠵᠢᠯ︾ ᠲᠠᠢ ᠬᠠᠮᠲᠤᠷᠠᠨ | ᠮᠢᠬᠠᠨ ᠤ ᠦᠬᠡᠷ ᠪᠣᠷᠳᠣᠬᠤ ᠠᠵᠢᠯ ᠢ ᠥᠷᠨᠢᠭᠦᠯᠪᠡ᠃ 4 ᠰᠠᠷ᠎ᠠ ᠶᠢᠨ 7 ᠤ ᠡᠳᠦᠷ᠂ ᠮᠢᠬᠠᠨ ᠤ ᠦᠬᠡᠷ ᠪᠣᠷᠳᠣᠵᠤ | ᠲᠠᠷᠭᠤᠯᠠᠭᠤᠯᠬᠤ ᠠᠵᠢᠯ ᠵᠢᠩᠬᠢᠨᠢ ᠪᠠᠷ ᠡᠬᠢᠯᠡᠪᠡ᠃ ᠣᠲᠣ ᠪᠣᠯᠲᠠᠯ᠎ᠠ᠂ 20 ᠮᠠᠯᠴᠢᠨ ᠡᠷᠦᠬᠡ ᠥᠪᠡᠷ ᠤᠨ ᠮᠢᠬᠠᠨ ᠤ | ᠦᠬᠡᠷ ᠢᠶᠠᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠲᠤ ᠬᠦᠷᠭᠡᠵᠦ᠂ ᠨᠡᠶᠢᠲᠡ 150 ᠲᠣᠯᠣᠭᠠᠢ ᠪᠠᠶᠢᠨ᠎ᠠ᠃ | | ᠣᠳᠣᠬᠠᠨ ᠤ ᠡᠪᠡᠰᠦ ᠪᠣᠷᠳᠤᠭ᠎ᠠ ᠶᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠪᠠᠭᠤᠷᠠᠬᠤ ᠦᠭᠡᠢ | ᠪᠠᠶᠢᠬᠤ᠂ ᠮᠠᠯᠴᠢᠳ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠨᠡᠶᠢᠳᠡᠮ ᠳᠡᠭᠡᠨ ᠥᠨᠳᠥᠷ ᠪᠠᠶᠢᠬᠤ | ᠪᠠᠶᠢᠳᠠᠯ ᠳᠤ ᠴᠢᠭᠯᠡᠭᠦᠯᠦᠨ᠂ ᠵᠢᠷ ᠤᠨ ᠭᠤᠣᠯ ᠭᠠᠴᠠᠭ᠎ᠠ ︽ᠲᠣᠰᠬᠤᠨ ᠠᠵᠤ ᠠᠬᠤᠶᠢᠯᠠᠯ ᠬᠠᠷᠢᠯᠴᠠᠨ ᠠᠰᠢᠭᠲᠠᠢ | ᠪᠠᠶᠢᠬᠤ︾ ᠵᠠᠭᠪᠤᠷ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ | ᠠᠪᠴᠤ᠂ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠠᠵᠢᠯ ᠢ ᠥᠷᠨᠢᠭᠦᠯᠵᠦ᠂ ᠮᠠᠯᠴᠢᠳ ᠤᠨ ᠲᠡᠵᠢᠭᠡᠨ | ᠦᠷᠡᠵᠢᠭᠦᠯᠬᠦ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠣᠷᠣᠯᠭ᠎ᠠ ᠶᠢ ᠦᠨᠡᠨ ᠬᠦ ᠨᠡᠮᠡᠭᠳᠡᠭᠦᠯᠵᠦ ᠪᠠᠶᠢᠨ᠎ᠠ᠃ |