ᠪᠠᠷᠠᠭᠤᠨ ᠦᠵᠦᠮᠦᠴᠢᠨ ᠬᠤᠰᠢᠭᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/10
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤ ᠨᠠᠮ ᠤᠨ ᠪᠠᠶᠢᠭᠤᠯᠤᠯᠲᠠ ᠎ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠪᠠᠷ ᠣᠯᠠᠨ ᠢ ᠳᠠᠶᠢᠴᠢᠯᠠᠨ᠂ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠪᠠᠲᠤᠲᠠᠢ  ᠠᠬᠢᠭᠤᠯᠵᠤ ᠪᠣᠢ᠃     ᠥᠯᠵᠡᠶᠢᠮᠡᠨᠳᠦ ᠪᠣᠯ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠪᠠᠶᠠᠨᠲᠠᠯ ᠭᠠᠴᠠᠭᠠᠨ ᠤ ᠨᠠᠮ ᠤᠨ ᠭᠡᠰᠢᠭᠦᠨ ᠭᠤᠣᠯᠳᠠᠯᠭᠠᠲᠤ ᠡᠷᠦᠬᠡ᠂ ᠪᠥᠬᠦ ᠠᠶᠢᠮᠠᠭ ᠤᠨ ᠰᠢᠯᠢᠳᠡᠭ ᠨᠠᠮ ᠤᠨ ᠭᠡᠰᠢᠭᠦᠨ ᠪᠣᠯᠣᠨ᠎ᠠ᠃     ᠥᠯᠵᠡᠶᠢᠮᠡᠨᠳᠦ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠷᠭᠦᠯᠵᠢ ᠭᠠᠴᠠᠭᠠᠨ ᠤ ᠪᠠᠨ ᠮᠠᠯᠴᠢᠨ ᠲᠦᠮᠡᠨ ᠤ ᠳᠤᠮᠳᠠ ᠭᠦᠨᠵᠡᠭᠡᠶᠢᠷᠡᠵᠦ᠂ ᠨᠠᠮ ᠪᠠ ᠤᠯᠤᠰ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠳᠤ ᠬᠦᠷᠭᠡᠬᠦ ᠶᠢ ᠠᠬᠢᠭᠤᠯᠬᠤ ᠶᠢᠨ ᠲᠤᠰᠠᠳᠠ ᠬᠦᠴᠦᠯᠡᠨ ᠴᠢᠷᠮᠠᠶᠢᠵᠤ᠂ ᠨᠠᠮ ᠎ ᠤᠨ ᠭᠡᠰᠢᠭᠦᠨ ᠭᠤᠣᠯᠳᠠᠯᠭᠠᠲᠤ ᠡᠷᠦᠬᠡ ᠶᠢᠨ ᠮᠣᠩᠭᠤᠯ ᠭᠡᠷ ᠢ ᠠᠰᠢᠭᠯᠠᠨ ᠲᠣᠭᠲᠠᠮᠠᠯ ᠬᠤᠭᠤᠴᠠᠭ᠎ᠠ ᠲᠠᠢ ᠪᠠᠷ ᠨᠠᠮ ᠎ ᠤᠨ ᠭᠡᠰᠢᠭᠦᠨ ᠣᠯᠠᠨ ᠲᠦᠮᠡᠨ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠪᠠ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠶᠢ ᠨᠠᠮ ᠪᠠ ᠣᠯᠠᠨ ᠲᠦᠮᠡᠨ ᠢ ᠠᠭᠤᠰᠤᠯᠴᠠᠭᠤᠯᠬᠤ ᠡᠮᠦᠨ᠎ᠡ ᠹᠷᠣᠨᠲ ᠪᠣᠯᠭᠠᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠦᠨᠳᠦᠰᠦᠲᠡᠨ ᠎ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷ ᠴᠢᠩᠭᠠᠳᠬᠠᠨ᠂ ᠨᠠᠮ ᠤᠨ ᠦᠨᠳᠦᠰᠦᠲᠡᠨ ᠤ ᠲᠥᠷᠥ ᠎ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠦᠬᠦ ᠬᠤᠰᠢᠭᠤᠨ ᠤ ᠲᠥᠯᠦᠪᠵᠢᠭᠦᠯᠭᠡ ᠳᠡᠭᠡᠨ ᠣᠷᠤᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠠᠵᠢᠯ ᠤᠨ ᠠᠵᠤ ᠠᠬᠤᠢ ᠨᠡᠶᠢᠭᠡᠮ ᠤᠨ ᠬᠥᠭᠵᠢᠭᠦᠯᠦᠯᠲᠡ ᠶᠢᠨ ᠠᠵᠢᠯ ᠲᠠᠢ ᠬᠠᠮᠲᠤ ᠪᠠᠶᠢᠷᠢᠯᠠᠭᠤᠯᠵᠤ᠂ ᠬᠠᠮᠲᠤ ᠨᠠᠶᠢᠳᠠᠪᠤᠷᠢᠵᠢᠭᠤᠯᠤᠨ᠂ ᠬᠠᠮᠲᠤ ᠬᠢᠨᠠᠨ ᠰᠢᠯᠭᠠᠵᠤ᠂ ᠦᠨᠳᠦᠰᠦᠲᠡᠨ ᠤ ᠠᠵᠢᠯ ᠤᠨ ︽ᠨᠠᠢᠮᠠ ᠳᠤ ᠬᠦᠷᠭᠡᠬᠦ︾᠎ ᠶᠢ ᠠᠬᠢᠭᠤᠯᠤᠨ᠂ ᠦᠨᠳᠦᠰᠦᠲᠡᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠮᠤ ᠪᠠᠯᠭᠠᠰᠤᠨ ᠤ ᠨᠢᠭᠡᠳᠦᠮᠡᠯ ᠹᠷᠣᠨᠲ ᠤᠨ ᠲᠤᠰᠬᠠᠢ ᠲᠤᠰᠢᠶᠠᠯ ᠤᠨ ᠭᠡᠰᠢᠭᠦᠨ ᠢ ᠲᠣᠬᠢᠷᠠᠭᠤᠯᠤᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠵᠡᠷᠭᠡ ᠳᠥᠷᠪᠡᠨ ᠱᠠᠲᠤᠨ ᠤ ᠦᠨᠳᠦᠰᠦᠲᠡᠨ ᠤ ᠠᠵᠢᠯ ᠤᠨ ᠲᠣᠣᠷ ᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠶᠢ ᠰᠤᠮᠤ ᠪᠠᠯᠭᠠᠰᠤ ᠪᠣᠯᠣᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠣᠨ ᠤ ᠪᠣᠳᠠᠲᠤ ᠠᠵᠢᠯ ᠤᠨ ᠬᠠᠷᠠᠯᠲᠠ ᠶᠢᠨ ᠬᠢᠨᠠᠨ ᠰᠢᠯᠭᠠᠯᠲᠠ ᠳᠠᠬᠢ ᠬᠤᠪᠢ ᠶᠢᠨ ᠬᠠᠷᠢᠴᠠᠯ ᠢ 10%᠎ ᠳᠤ ᠬᠦᠷᠲᠡᠯ᠎ᠡ ᠨᠡᠮᠡᠭᠳᠡᠭᠦᠯᠵᠦ᠂ ᠬᠢᠨᠠᠨ ᠰᠢᠯᠭᠠᠯᠲᠠ ᠶᠢᠨ ︽ᠵᠢᠯᠣᠭᠤᠳᠤᠯᠭ᠎ᠠ︾᠎ ᠶᠢᠨ ᠦᠢᠯᠡᠳᠦᠯ ᠢ  ᠪᠠᠳᠠᠷᠠᠭᠤᠯᠵᠤ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠎ ᠠᠴᠠ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠠᠮᠲᠤᠷᠠᠯᠴᠠᠬᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠣᠶ ᠪᠣᠯᠭᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号