ᠪᠣᠰᠣᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ ᠬᠠᠶᠢᠷ᠎ᠠ ᠬᠠᠯᠠᠮᠵᠢ ᠪᠠᠨ ᠲᠥᠭᠡᠭᠡᠵᠦ ᠶᠠᠪᠤᠨ᠎ᠠ
ᠨᠡᠶᠢᠲᠡᠯᠡᠭᠰᠡᠨ ᠴᠠᠭ᠄
2024/5/10
     ᠮᠠᠩᠯᠠᠢ ᠪᠣᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠣᠮᠣᠨ ᠤ ᠬᠦᠷᠡᠯᠲᠦ ᠭᠠᠴᠠᠭᠠᠨ ᠤ ᠮᠠᠯᠴᠢᠨ᠂ ᠲᠡᠷᠡ ᠣᠯᠠᠨ ᠵᠢᠯ ᠤᠨ ᠲᠤᠷᠰᠢ ᠨᠡᠶᠢᠲᠡ ᠶᠢᠨ ᠠᠰᠠᠷᠠᠮᠵᠢ ᠶᠢᠨ ᠠᠵᠢᠯ ᠳᠤ ᠢᠳᠡᠪᠬᠢᠲᠡᠢ ᠣᠷᠣᠯᠴᠠᠨ᠂ ᠨᠤᠲᠤᠭ ᠣᠷᠣᠨ ᠤ ᠪᠠᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢ ᠪᠠᠨ ᠬᠠᠷᠠᠮ ᠦᠭᠡᠢ ᠵᠣᠷᠢᠭᠤᠯᠵᠤ᠂ ᠦᠷᠭᠦᠯᠵᠢ ᠪᠣᠰᠣᠳ ᠢ ᠬᠠᠯᠠᠮᠵᠢᠯᠠᠨ ᠲᠤᠰᠠᠯᠠᠵᠤ ᠶᠠᠪᠤᠳᠠᠭ ᠢᠶᠠᠷ ᠢᠶᠠᠨ ᠨᠤᠲᠤᠭ ᠤᠨ ᠣᠯᠠᠨ ᠤ ᠪᠠᠨ ᠬᠦᠷᠢᠶᠡᠯᠡᠯ ᠢ ᠣᠯᠣᠭᠰᠠᠨ ᠪᠢᠯᠡ᠃ ᠲᠡᠷᠡ ᠪᠠᠷᠠᠭᠤᠨ ᠦᠵᠦᠮᠦᠴᠢᠨ ᠬᠤᠰᠢᠭᠤᠨ ᠤ ᠣᠳᠣᠨ ᠳᠡᠰ ᠤᠨ ᠰᠠᠶᠢᠨ ᠳᠤᠷ᠎ᠠ ᠶᠢᠨ ᠠᠵᠢᠯᠯᠠᠭᠴᠢ᠂ ᠪᠠᠶᠠᠨᠬᠤᠰᠢᠭᠤ ᠰᠣᠮᠣᠨ ᠤ 2016 ᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠠᠶᠠᠨᠬᠤᠰᠢᠭᠤ ᠰᠣᠮᠣᠨ ᠤ ᠬᠦᠷᠡᠯᠲᠦ ᠭᠠᠴᠠᠭᠠᠨ ᠤ 2021  ᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠵᠡᠷᠭᠡ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃      ᠮᠠᠩᠯᠠᠢ ᠤᠷᠢᠳ ᠬᠤᠵᠢᠳ ᠭᠤᠷᠪᠠ ᠤᠳᠠᠭᠠᠨ ᠤ ᠲᠠᠷᠢᠬᠢᠨ ᠪᠡᠲᠡᠭᠢ ᠶᠢᠨ ᠮᠡᠰᠡ ᠵᠠᠰᠠᠯ ᠪᠣᠯᠣᠨ ᠨᠢᠭᠡ ᠤᠳᠠᠭᠠᠨ ᠤ ᠰᠢᠯᠤᠭᠤᠨ ᠭᠡᠳᠡᠰᠦᠨ ᠤ ᠦᠮᠡᠨ ᠤ ᠮᠡᠰᠡ ᠵᠠᠰᠠᠯ ᠬᠢᠯᠭᠡᠵᠦ᠂ ᠬᠦᠨᠳᠦ ᠡᠪᠡᠳᠴᠢᠨ ᠤ ᠲᠠᠷᠴᠢᠯᠠᠭᠠᠯ ᠲᠠᠢ ᠣᠯᠠᠨ ᠵᠢᠯ ᠲᠡᠮᠡᠴᠡᠵᠦ ᠢᠷᠡᠭᠰᠡᠨ ᠴᠤ ᠲᠡᠷᠡ ᠠᠮᠢᠳᠤᠷᠠᠯ ᠳᠠᠭᠠᠨ ᠶᠡᠷᠦ ᠠᠴᠠ ᠢᠲᠡᠭᠡᠯ ᠠᠯᠳᠠᠷᠠᠭ᠎ᠠ ᠦᠭᠡᠢ  ᠂ ᠠᠵᠢᠯ ᠶᠠᠪᠤᠳᠠᠯ ᠪᠣᠯᠭᠠᠨ ᠳᠠᠭᠠᠨ ᠨᠠᠷᠢᠨ ᠬᠢᠨᠠᠮᠠᠭᠠᠢ ᠬᠠᠨᠳᠤᠭᠰᠠᠭᠠᠷ ᠢᠷᠡᠭᠰᠡᠨ ᠪᠢᠯᠡ᠃ 2018 ᠣᠨ ᠤ 3 ᠰᠠᠷ᠎ᠠ ᠳᠤ᠂ ᠮᠠᠩᠯᠠᠢ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠤ ᠣᠷᠣᠯᠴᠠᠨ ᠰᠠᠶᠢᠨ ᠳᠤᠷ᠎ᠠ ᠶᠢᠨ ᠠᠵᠢᠯᠯᠠᠭᠴᠢ ᠪᠣᠯᠵᠠᠢ᠃ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠳᠡᠭ ᠲᠡᠷᠡᠪᠡᠷ᠂ ᠵᠢᠱᠢᠶᠡᠴᠢ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠬᠤ ᠶᠢ ᠢᠮᠠᠭᠲᠠ ᠰᠠᠨᠠᠵᠤ᠂ ︽ᠬᠠᠷᠠᠮ ᠦᠭᠡᠢ ᠵᠣᠷᠢᠭᠤᠯᠬᠤ᠂ ᠨᠦᠬᠦᠷᠰᠡᠭ ᠳᠣᠲᠣᠨᠣ᠂ ᠬᠠᠷᠢᠯᠴᠠᠨ ᠬᠠᠪᠰᠤᠷᠬᠤ᠂ ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠷᠢᠮᠲᠠᠯᠠᠨ᠂ ᠰᠠᠶᠢᠨ ᠳᠤᠷ᠎ᠠ ᠶᠢᠨ ᠦᠢᠯᠡᠴᠢᠯᠡᠭᠡ ᠎ ᠪᠠᠷ ᠳᠠᠮᠵᠢᠭᠤᠯᠤᠨ ᠬᠠᠶᠢᠷ᠎ᠠ ᠬᠠᠯᠠᠮᠵᠢ ᠪᠠᠨ ᠲᠥᠭᠡᠭᠡᠭᠰᠡᠭᠡᠷ ᠢᠷᠡᠵᠡᠢ᠃      ᠮᠠᠩᠯᠠᠢ ᠦᠷᠭᠦᠯᠵᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠰᠣᠳ ᠎ ᠲᠤ ᠲᠤᠰᠠ ᠪᠠᠨ ᠬᠦᠷᠭᠡᠵᠦ ᠶᠠᠪᠤᠳᠠᠭ᠃ 2014 ᠣᠨ ᠠᠴᠠ ᠡᠬᠢᠯᠡᠨ᠂ ᠭᠠᠮᠰᠢᠭᠳᠠᠭᠰᠠᠨ ᠮᠠᠯᠵᠢᠬᠤ ᠡᠷᠦᠬᠡ ᠶᠢ ᠪᠣᠯᠭᠤᠭᠠᠨ ᠲᠣᠬᠤᠨᠢᠭᠤᠯᠬᠤ᠂ ᠥᠪᠡᠷᠲᠡᠭᠡᠨ ᠵᠠᠷᠤᠳᠠᠯ ᠭᠠᠷᠭᠠᠨ ᠭᠠᠴᠠᠭᠠᠨ ᠤ ᠪᠠᠨ ᠨᠠᠰᠤᠲᠠᠶᠢᠴᠤᠳ ᠲᠤ ᠵᠤᠭ᠎ᠠ ᠴᠡᠩᠭᠡᠯ ᠎ ᠤᠨ ᠠᠵᠢᠯᠯᠠᠭ᠎ᠠ ᠦᠷᠨᠢᠭᠦᠯᠵᠣ ᠥᠭᠬᠦ᠂ ᠭᠠᠴᠠᠭᠠᠨ ᠤ ᠪᠠᠨ ᠬᠦᠴᠢᠷᠳᠡᠯᠲᠡᠢ ᠰᠤᠷᠤᠭᠴᠢ ᠪᠣᠯᠣᠨ ᠥᠨᠥᠴᠢᠨ ᠬᠡᠦᠬᠡᠳ ᠢ ᠳᠡᠳᠬᠦᠬᠦ᠂ ᠦᠶᠡᠴᠦᠦᠯ ᠤᠨ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠬᠡᠰᠢᠭᠦᠳ ᠢ ᠵᠣᠬᠢᠶᠠᠨ ᠪᠠᠶᠢᠭᠤᠯᠤᠨ ᠬᠥᠨᠳᠥ ᠡᠪᠡᠳᠴᠢᠲᠡᠳ ᠲᠤ ᠬᠠᠨᠳᠢᠪ ᠴᠤᠭᠯᠠᠭᠤᠯᠵᠤ ᠥᠭᠬᠦ ᠁ ᠵᠡᠷᠭᠡ ᠠᠯᠢ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠯᠠᠭ᠎ᠠ ᠨᠤᠭᠤᠳ ᠢ ᠵᠣᠬᠢᠶᠠᠨ ᠪᠠᠶᠢᠭᠤᠯᠤᠨ ᠥᠷᠨᠢᠭᠦᠯᠵᠡᠢ᠃     ᠨᠠᠰᠤᠲᠠᠨ ᠢᠶᠠᠨ ᠬᠥᠨᠳᠥᠯᠡᠵᠦ ᠨᠢᠯᠬᠠᠰ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠶᠤᠮ᠃ ᠮᠠᠩᠯᠠᠢ ᠦᠷᠭᠦᠯᠵᠢ ᠦᠶᠡᠴᠦᠦᠯ ᠤᠨ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠭᠡᠰᠢᠭᠦᠳ ᠢ ᠵᠣᠬᠢᠶᠠᠨ ᠪᠠᠶᠢᠭᠤᠯᠤᠨ᠂ ᠬᠤᠰᠢᠭᠤ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ ᠢ ᠡᠷᠭᠢᠨ ᠦᠵᠡᠵᠦ᠂ ᠦᠰᠦ ᠭᠡᠵᠢᠭᠡ ᠶᠢ ᠨᠢ ᠵᠠᠰᠠᠵᠤ᠂ ᠭᠡᠷ ᠣᠷᠣᠨ ᠢ ᠨᠢ ᠴᠡᠪᠡᠷᠯᠡᠵᠦ ᠥᠭᠬᠦ ᠶᠢᠨ ᠬᠠᠮᠲᠤ ᠪᠠᠰᠠ ᠤᠷᠠᠨ ᠰᠠᠶᠢᠬᠠᠨ ᠎ ᠤ ᠲᠣᠭᠯᠠᠯᠲᠠ ᠰᠣᠨᠢᠷᠬᠠᠭᠤᠯᠤᠨ᠂ ᠨᠠᠰᠤᠲᠠᠶᠢᠴᠤᠳ ᠤᠨ ᠰᠡᠳᠬᠢᠯ ᠢ ᠪᠠᠶᠠᠰᠬᠠᠳᠠᠭ ᠪᠠᠶᠢᠨ᠎ᠠ᠃     ᠮᠠᠩᠯᠠᠢ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢ ᠪᠣᠯᠣᠭᠰᠠᠨ ᠠᠴᠠ ᠨᠠᠰᠢ᠂ ᠬᠤᠭ ᠨᠣᠪᠰᠢ ᠶᠢ ᠴᠡᠪᠡᠷᠯᠡᠨ ᠣᠷᠴᠢᠨ ᠲᠣᠭᠤᠷᠢᠨ ᠢᠶᠠᠨ ᠬᠠᠮᠠᠭᠠᠯᠠᠬᠤ ᠠᠵᠢᠯᠯᠠᠭ᠎ᠠ ᠳᠤ ᠮᠠᠰᠢ ᠣᠯᠠᠨ ᠤᠳᠠᠭ᠎ᠠ ᠣᠷᠣᠯᠴᠠᠵᠤ᠂ ᠡᠷᠡᠭᠦᠯ ᠬᠠᠮᠠᠭᠠᠯᠠᠯ ᠤᠨ ᠬᠤᠲᠠ ᠰᠢᠶᠠᠨ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠪᠠᠷ ᠬᠤᠪᠢ ᠨᠡᠮᠡᠷᠢ ᠪᠠᠨ ᠡᠷᠭᠦᠭᠰᠡᠭᠡᠷ ᠢᠷᠡᠵᠡᠢ᠃ ᠬᠡᠳᠦᠢ ᠪᠤᠵᠠᠷ ᠪᠤᠷᠲᠠᠭ ᠪᠠᠶᠢᠭᠰᠠᠨ ᠴᠤ᠂ ᠬᠡᠳᠦᠢ ᠶᠠᠳᠠᠷᠠᠵᠤ ᠵᠦᠳᠡᠷᠡᠵᠦ ᠪᠠᠶᠢᠭᠰᠠᠨ ᠴᠤ᠂ ᠰᠠᠯᠬᠢ ᠪᠣᠷᠣᠭᠠᠨ ᠶᠠᠮᠠᠷ ᠠᠭᠤᠷ ᠠᠮᠢᠰᠬᠤᠯ ᠲᠣᠬᠢᠶᠠᠯᠳᠤᠭᠰᠠᠨ ᠴᠤ ᠲᠡᠷᠡ ᠣᠪᠣᠭᠠᠨ ᠲᠠᠬᠢᠯᠭ᠎ᠠ᠂ ᠨᠠᠶᠢᠷ ᠨᠠᠭᠠᠳᠤᠮ ᠵᠡᠷᠭᠡ ᠬᠦᠮᠦᠨ ᠬᠠᠷ᠎ᠠ ᠣᠯᠠᠨ ᠴᠤᠭᠯᠠᠷᠠᠳᠠᠭ ᠠᠵᠢᠯᠯᠠᠭ᠎ᠠ ᠳᠤ ᠬᠡᠵᠢᠶᠡᠳᠡ ᠣᠷᠴᠢᠨ ᠲᠣᠭᠤᠷᠢᠨ ᠢ ᠴᠡᠪᠡᠷᠯᠡᠬᠦ ᠠᠵᠢᠯ ᠢ ᠰᠠᠶᠢᠨ ᠳᠤᠷ᠎ᠠ ᠠᠴᠠ ᠪᠠᠨ ᠬᠢᠵᠦ᠂ ᠬᠤᠭ ᠨᠣᠪᠰᠢ ᠶᠢ ᠠᠷᠢᠯᠭᠠᠨ ᠪᠠᠶᠢᠭᠠᠯᠢ ᠣᠷᠴᠢᠨ ᠢᠶᠠᠨ ᠬᠠᠶᠢᠷᠠᠯᠠᠨ ᠬᠠᠮᠠᠭᠠᠯᠠᠭᠰᠠᠭᠠᠷ ᠢᠷᠡᠵᠡᠢ᠃     ᠮᠠᠩᠯᠠᠢ ᠠᠮᠢᠳᠤᠷᠠᠯ ᠳᠤᠮᠳᠠ ᠬᠡᠳᠦᠢ ᠣᠯᠠᠨ ᠬᠦᠴᠢᠷ ᠪᠡᠷᠬᠡ ᠲᠣᠬᠢᠶᠠᠭᠰᠠᠨ ᠴᠤ ᠲᠡᠭᠦᠨ ᠤ ᠥᠷᠥ ᠵᠥᠭᠡᠯᠡᠨ ᠴᠠᠶᠢᠯᠭᠠᠨ ᠰᠠᠨᠠᠭ᠎ᠠ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯ ᠨᠢ ᠶᠡᠷᠦ ᠠᠴᠠ ᠬᠤᠪᠢᠷᠠᠭ᠎ᠠ ᠦᠭᠡᠢ ᠪᠢᠯᠡ᠃ ᠠᠮᠢᠳᠤᠷᠠᠯ ᠎ ᠳᠠᠭᠠᠨ ᠢᠲᠡᠭᠡᠯ ᠬᠠᠶᠢᠷ᠎ᠠ ᠪᠠᠷ ᠪᠢᠯᠬᠠᠨ᠂ ᠲᠤᠰᠠᠯᠠᠮᠵᠢ ᠬᠡᠷᠡᠭ ᠲᠠᠢ ᠬᠦᠮᠦᠰ ᠲᠤ ᠲᠤᠰᠠ ᠳᠡᠮᠵᠢᠯᠭᠡ ᠪᠠᠨ ᠦᠵᠡᠭᠦᠯᠦᠨ᠂ ᠬᠠᠶᠢᠷ᠎ᠠ ᠬᠠᠯᠠᠮᠵᠢ ᠪᠠᠨ ᠬᠦᠷᠭᠡᠵᠦ᠂ ᠪᠠᠶᠢᠭᠠᠯᠢ ᠣᠷᠴᠢᠨ ᠢᠶᠠᠨ ᠳᠡᠭᠡᠳᠦᠯᠡᠨ ᠡᠷᠬᠢᠮ ᠰᠤᠷᠲᠠᠯ ᠢ ᠪᠠᠳᠠᠷᠠᠭᠤᠯᠵᠤ᠂ ᠵᠢᠱᠢᠶᠡᠴᠢ ᠳᠠᠭᠤᠷᠢᠶᠠᠯ ᠤᠨ ᠦᠢᠯᠡᠳᠦᠯ ᠢᠶᠠᠨ ᠢᠮᠠᠭᠲᠠ ᠪᠠᠳᠠᠷᠠᠭᠤᠯᠤᠭᠰᠠᠭᠠᠷ ᠢᠷᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号