ᠳᠤᠮᠳᠠᠳᠤ ᠤᠯᠤᠰ ᠤᠨ ᠨᠡᠭᠦᠳᠡᠯ ᠰᠢᠨᠵᠢᠯᠡᠭᠡ ᠮᠡᠷᠭᠡᠵᠢᠯ ᠤᠨ ᠣᠷᠳᠣᠨ ᠤ ᠲᠣᠭᠤᠷᠢᠨ ᠦᠵᠡᠭᠦᠯᠦᠯᠭᠡ ᠶᠢᠨ ᠪᠠᠷᠠᠭᠤᠨ ᠦᠵᠦᠮᠦᠴᠢᠨ ᠬᠤᠰᠢᠭᠤᠨ ᠎ ᠳᠠᠬᠢ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2024/5/10
                                                                                         5 ᠰᠠᠷ᠎ᠠ ᠶᠢᠨ 6᠎ ᠤ ᠡᠳᠦᠷ᠂ ︽ ᠰᠢᠨᠵᠢᠯᠡᠬᠦ ᠤᠬᠠᠭᠠᠨ ᠢ ᠪᠡᠶᠡᠴᠢᠯᠡᠨ ᠣᠶᠢᠯᠠᠭᠠᠬᠤ  ︾︱ ᠳᠤᠮᠳᠠᠳᠤ ᠤᠯᠤᠰ ᠤᠨ ᠨᠡᠭᠦᠳᠡᠯ ᠰᠢᠨᠵᠢᠯᠡᠭᠡ ᠮᠡᠷᠭᠡᠵᠢᠯ ᠤᠨ ᠣᠷᠳᠣᠨ ᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠥᠷᠲᠡᠭᠡᠨ ᠳᠠᠬᠢ ᠲᠣᠭᠤᠷᠢᠨ ᠦᠵᠡᠭᠦᠯᠦᠯᠭᠡ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠠᠷᠠᠭᠤᠨ ᠦᠵᠦᠮᠦᠴᠢᠨ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠪᠡᠶ᠎ᠡ ᠲᠠᠮᠢᠷ ᠤᠨ ᠣᠷᠳᠣᠨ ᠳᠤ ᠶᠠᠪᠤᠭᠳᠠᠪᠠ᠃ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠬᠠᠷᠢᠭᠤᠴᠠᠯᠭᠠᠲᠠᠨ ᠵᠢᠴᠢ ᠠᠵᠢᠯᠲᠠᠨ᠂   ᠪᠠᠯᠭᠠᠷᠭᠤᠣᠯ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠵᠠᠯᠠᠭᠤᠴᠤᠳ ᠤᠨ ᠰᠠᠶᠢᠨ ᠲᠣᠷᠠᠴᠣᠣᠯ ᠠᠵᠢᠯᠯᠠᠭ᠎ᠠ ᠳᠤ ᠣᠷᠣᠯᠴᠠᠵᠠᠢ᠃
      ᠦᠵᠡᠭᠦᠯᠦᠯᠭᠡ ᠳᠤ᠂ ᠥᠪᠡᠷᠮᠢᠴᠡ ᠤᠷᠠᠨ  ᠣᠨᠴᠠᠯᠢᠭ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠦᠲᠦᠭᠡᠯ ᠤᠳ ᠬᠥᠮᠥᠰ ᠤᠨ ᠠᠩᠬᠠᠷᠤᠯ ᠢ ᠲᠠᠲᠠᠵᠤ᠂ ᠰᠢᠨᠵᠢᠯᠡᠬᠦ ᠤᠬᠠᠭᠠᠨ ᠤ ᠭᠠᠶᠢᠬᠠᠮᠰᠢᠭᠲᠤ ᠴᠢᠨᠠᠷ ᠂  ᠳᠠᠲᠠᠬᠤ ᠬᠦᠴᠦᠨ ᠢ ᠭᠦᠢᠴᠡᠳ ᠢᠯᠡᠷᠡᠭᠦᠯᠵᠦ᠂ ᠬᠥᠮᠥᠰ ᠲᠤ ᠰᠢᠨᠵᠢᠯᠡᠬᠦ ᠤᠬᠠᠭᠠᠨ ᠤ ᠷᠢᠳᠢ ᠰᠢᠳᠢ ᠶᠢ ᠠᠳᠠᠯᠢ ᠪᠤᠰᠤ ᠬᠠᠷᠠᠭᠠᠰᠤ ᠠᠴᠠ ᠮᠡᠳᠡᠷᠡᠭᠦᠯᠵᠦ᠂  ᠰᠢᠨᠵᠢᠯᠡᠬᠦ ᠤᠬᠠᠭᠠᠨ ᠎ ᠤ ᠳᠤᠷ᠎ᠠ ᠪᠠᠬ᠎ᠠ ᠂ ᠤᠷᠮ᠎ᠠ  ᠵᠣᠷᠢᠭ ᠢ ᠬᠥᠭᠵᠢᠭᠡᠭᠰᠡᠨ ᠪᠠᠶᠢᠨ᠎ᠠ᠃
    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠭᠤᠷᠢᠨ  ᠦᠵᠡᠭᠦᠯᠦᠭᠡ ᠶᠢᠨ ᠠᠵᠢᠯᠯᠠᠭ᠎ᠠ ᠨᠢ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠦᠵᠡᠭᠦᠯᠦᠯᠭᠡ ᠶᠢᠨ ᠬᠤᠭᠤᠴᠠᠭᠠᠨ ᠳᠤ ᠨᠡᠭᠦᠳᠡᠯ  ᠰᠢᠨᠵᠢᠯᠡᠭᠡ ᠮᠡᠷᠭᠡᠵᠢᠯ ᠤᠨ ᠣᠷᠳᠣᠨ ᠳᠤ ᠲᠤᠭᠤᠷᠢᠨ ᠦᠵᠡᠬᠦ ᠳᠤ ᠰᠦᠢᠳᠬᠡᠯ ᠬᠤᠷᠢᠶᠠᠬᠤ ᠦᠭᠡᠢ᠃  ᠦᠵᠡᠭᠦᠯᠦᠯᠭᠡ ᠳᠤ  ᠂ ︽ᠰᠢᠨᠵᠢᠯᠡᠬᠦ ᠤᠬᠠᠭᠠᠨ ᠢ ᠪᠡᠶᠡᠴᠢᠯᠡᠨ ᠣᠶᠢᠯᠠᠭᠠᠬᠤ︾᠎ ᠪᠠᠷ ᠭᠤᠣᠯ ᠰᠡᠳᠦᠪ ᠪᠣᠯᠭᠠᠵᠤ᠂ 50 ᠭᠠᠷᠤᠢ ᠵᠦᠢᠯ ᠤᠨ ᠬᠠᠷᠢᠯᠴᠠᠨ ᠦᠢᠯᠡᠳᠦᠯᠴᠡᠬᠦ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ  ᠲᠥᠷᠦᠯ ᠵᠦᠢᠯ ᠢ ᠳᠡᠯᠭᠡᠨ ᠦᠵᠡᠭᠦᠯᠵᠦ  ᠂ ᠰᠢᠨᠵᠢᠯᠡᠬᠦ ᠤᠬᠠᠭᠠᠨ ᠤ ᠲᠣᠭᠯᠠᠯᠲᠠ᠂ ᠰᠢᠨᠵᠢᠯᠡᠬᠦ ᠤᠬᠠᠭᠠᠨ ᠤ ᠲᠤᠷᠰᠢᠯᠲᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠺᠢᠨᠣ᠋ ᠲᠧᠯᠸᠢᠰ ᠢ ᠬᠠᠷᠢᠯᠴᠠᠨ ᠤᠶᠠᠯᠳᠤᠭᠤᠯᠵᠤ᠂ ᠲᠠᠭᠤ ᠬᠡᠷᠡᠯ ᠤᠨ ᠣᠶᠢᠯᠠᠭᠠᠯᠲᠠ᠂ ᠴᠠᠬᠢᠯᠭᠠᠨ ᠰᠣᠷᠢᠨᠵᠢᠨ ᠤ ᠨᠢᠭᠤᠴᠠ ᠬᠠᠶᠢᠯᠲᠠ᠂ ᠬᠥᠳᠡᠯᠭᠡᠭᠡᠨ ᠤ ᠬᠥᠭ ᠠᠶᠠᠰ᠂ ᠲᠣᠭᠠᠨ ᠤ ᠤᠬᠠᠭᠠᠨ ᠤ ᠲᠠᠲᠠᠬᠤ ᠬᠦᠴᠦᠨ᠂ ᠮᠠᠰᠢᠨ ᠲᠡᠷᠭᠡᠨ ᠤ ᠪᠦᠲᠦᠴᠡ ᠵᠡᠷᠭᠡ ᠭᠤᠣᠯ ᠰᠡᠳᠦᠪᠲᠦ ᠦᠵᠡᠭᠦᠯᠦᠯᠭᠡ ᠶᠢᠨ ᠲᠣᠭᠤᠷᠢᠭ ᠪᠠ ᠪᠥᠮᠪᠥᠭᠡᠨ ᠬᠥᠰᠢᠭᠡᠲᠦ ᠺᠢᠨᠣ᠋  ᠣᠷᠳᠣᠨ ᠵᠡᠷᠭᠡ ᠣᠯᠠᠨ ᠵᠠᠭᠤᠴᠢᠲᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠵᠡᠭᠦᠯᠦᠯᠭᠡ  ᠶᠢᠨ ᠲᠤᠭᠤᠷᠢᠭ ᠬᠤᠪᠢᠶᠠᠵᠤ᠂ ᠬᠦᠴᠦᠨ ᠤ ᠤᠬᠠᠭᠠᠨ᠂ ᠴᠠᠬᠢᠯᠭᠠᠨ ᠤ ᠤᠬᠠᠭᠠᠨ᠂ ᠬᠡᠷᠡᠯ ᠤᠨ ᠤᠬᠠᠭᠠᠨ᠂ ᠲᠠᠭᠤᠨ ᠤ ᠤᠬᠠᠭᠠᠨ᠂ ᠮᠧᠬᠠᠨᠢᠭ ᠤᠨ ᠤᠬᠠᠭᠠᠨ ᠵᠡᠷᠭᠡ ᠣᠯᠠᠨ ᠲᠥᠷᠥᠯ ᠤᠨ ᠰᠢᠨᠵᠢᠯᠡᠭᠡᠨ ᠤ ᠲᠥᠷᠥᠯ ᠢ ᠬᠠᠮᠤᠷᠴᠠᠢ᠃ ᠦᠵᠡᠭᠦᠯᠦᠯᠭᠡ ᠨᠢ ᠰᠢᠨᠵᠢᠯᠡᠬᠦ ᠤᠬᠠᠭᠠᠨ ᠤ ᠦᠵᠡᠭᠳᠡᠯ ᠪᠠ ᠦᠨᠳᠦᠰᠦᠨ ᠤᠭ ᠶᠣᠰᠣ ᠶᠢ ᠰᠢᠭᠤᠳ ᠪᠥᠭᠡᠳ ᠠᠮᠢᠳᠤᠯᠢᠭ ᠢᠶᠠᠷ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ ᠪᠠ ᠲᠥᠰᠥᠭᠡᠯᠡᠨ ᠪᠤᠳᠤᠬᠤ ᠴᠢᠳᠠᠪᠤᠷᠢ ᠶᠢ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠠᠶᠢᠨ ᠰᠦᠪᠡᠭᠴᠢᠯᠡᠬᠦ ᠤᠬᠠᠮᠰᠠᠷ ᠢ ᠬᠥᠮᠥᠵᠢᠭᠦᠯᠦᠨ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠤᠯᠠᠮ ᠨᠢᠭᠡ ᠠᠯᠬᠤᠮ  ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠪᠠ ᠰᠢᠨ᠎ᠡ ᠶᠢ ᠡᠭᠦᠳᠬᠦ ᠠᠵᠢᠯᠯᠠᠭ᠎ᠠ ᠶᠢᠨ ᠥᠷᠨᠢᠭᠦᠨ ᠭᠥᠭᠵᠢᠭᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号