ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠤ ᠤᠯᠠᠭᠠᠨᠮᠥ᠋ᠴᠢᠷ ᠪᠠᠷᠠᠭᠤᠨ ᠦᠵᠦᠮᠦᠴᠢᠨ ᠬᠤᠰᠢᠭᠤᠨ ᠳᠤ  ᠢᠷᠡᠵᠦ ᠲᠤᠭᠤᠨᠢᠭᠤᠯᠭ᠎ᠠ ᠶᠢᠨ ᠲᠣᠭᠯᠠᠯᠲᠠ  ᠭᠠᠷᠭᠠᠪᠠ
ᠨᠡᠶᠢᠲᠡᠯᠡᠭᠰᠡᠨ ᠴᠠᠭ᠄
2024/5/10
       5 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠤ ᠤᠯᠠᠭᠠᠨᠮᠥ᠋ᠴᠢᠷ ᠪᠠᠷᠠᠭᠤᠨ ᠦᠵᠦᠮᠦᠴᠢᠨ ᠬᠤᠰᠢᠭᠤᠨ ᠳᠤ  ᠭᠦᠨᠵᠡᠬᠡᠶᠢᠷᠡᠨ᠂ ︽ᠳᠤᠮᠳᠠᠳᠤ ᠶᠢᠨ ᠬᠦᠰᠡᠯ ᠬᠥᠳᠡᠯᠮᠦᠷᠢ ᠶᠢᠨ ᠭᠤᠸ᠎ᠠ ᠰᠠᠶᠢᠬᠠᠨ ︱ᠰᠡᠳᠬᠢᠯ ᠢᠶᠠᠨ ᠨᠢᠭᠡᠳᠬᠡᠨ ᠨᠠᠮ ᠢᠶᠠᠨ ᠳᠠᠭᠠᠵᠤ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ ᠲᠤᠬᠤᠨᠢᠭᠤᠯᠭ᠎ᠠ ᠶᠢᠨ ᠲᠣᠭᠯᠠᠯᠲᠠ ᠭᠠᠷᠭᠠᠵᠤ᠂ ᠪᠠᠷᠠᠭᠤᠨ ᠦᠵᠦᠮᠦᠴᠢᠨ ᠬᠤᠰᠢᠭᠤᠨ ᠤ  ᠦᠷᠬᠡᠨ ᠤᠯᠠᠨ ᠠᠵᠢᠯᠲᠠᠨ ᠵᠢᠴᠢ ᠣᠯᠠᠨ ᠲᠦᠮᠡᠨ ᠤ ᠰᠣᠶᠤᠯ ᠤᠨ ᠠᠮᠢᠳᠣᠷᠠᠯ ᠢ   ᠨᠢ ᠪᠠᠶᠠᠯᠢᠭᠵᠢᠭᠤᠯᠤᠭᠰᠠᠨ ᠪᠠᠶᠢᠨ᠎ᠠ᠃      ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠠᠴᠠ ᠭᠤᠤᠯᠯᠠᠨ ᠡᠷᠬᠢᠯᠠᠵᠦ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ  ᠡᠾᠦ᠋ᠢ ᠢᠦᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠤᠨ ᠡᠷᠬᠢᠯᠡᠭᠴᠢ ᠼᠦᠢ ᠬᠠᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠬᠠᠭᠤᠯᠬᠤ ᠬᠡᠯᠲᠡᠰ ᠤᠨ ᠳᠠᠷᠤᠭ᠎ᠠ ᠴᠧᠨ ᠭᠦᠸᠧ ᠹᠠᠩ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠦᠨᠳᠦᠰᠦᠨ ᠱᠠᠲᠤᠨ ᠤ ᠠᠵᠢᠯ ᠤᠨ ᠬᠡᠯᠲᠡᠰ ᠤᠨ ᠳᠠᠷᠤᠭ᠎ᠠ ᠯᠢᠦ ᠮᠢᠨ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠳᠡᠳ᠋ ᠡᠷᠬᠢᠯᠡᠭᠴᠢ᠂ ᠰᠢᠯᠢ ᠶᠢᠨ ᠭᠤᠣᠯ ᠠᠶᠢᠮᠠᠭ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠴᠧ  ᠱᠦ ᠷᠦᠩ᠂ ᠰᠢᠯᠢ ᠶᠢᠨ ᠭᠤᠣᠯ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠰᠦᠨ ᠾᠦᠢ ᠸᠧᠨ᠂ ᠬᠤᠰᠢᠭᠤ ᠤᠳᠤᠷᠢᠳᠤᠯᠭ᠎ᠠ  ᠮᠦᠩᠭᠦᠨᠱᠠ᠂ ᠦ᠋  ᠵᠤ᠋᠂ ᠰᠠᠷᠠᠨᠲᠤᠶᠠᠭ᠎ᠠ ᠵᠢᠴᠢ ᠦᠷᠬᠡᠨ ᠤᠯᠠᠨ ᠺᠠᠳ᠋ᠷ ᠠᠵᠢᠯᠲᠠᠨ ᠠᠵᠢᠯᠴᠢᠨ᠂  ᠦᠨᠳᠦᠰᠦᠨ ᠱᠠᠲᠤᠨ ᠤ ᠣᠯᠠᠨ ᠲᠦᠮᠡᠨ ᠲᠣᠰ ᠤᠳᠠᠭᠠᠨ ᠤ ᠲᠣᠭᠯᠠᠯᠲᠠ ᠶᠢ ᠰᠣᠨᠢᠷᠬᠠᠪᠠ᠃     ᠲᠣᠭᠯᠠᠯᠲᠠ ᠨᠢ  ︽ᠮᠡᠨᠳᠦᠴᠢᠯᠡᠯ︾ ᠬᠡᠬᠦ ᠬᠠᠮᠳᠣ ᠶᠢᠨ ᠪᠦᠵᠢᠭ ᠤᠨ ᠳᠤᠮᠳᠠ ᠡᠬᠢᠯᠠᠯᠳᠠ ᠶᠢᠨ  ᠬᠥᠰᠢᠭᠡ ᠪᠠᠨ ᠰᠡᠬᠦᠵᠦ᠂ ᠣᠯᠠᠨ ᠶᠠᠩᠵᠤ   ᠶᠢᠨ ᠬᠡᠯᠪᠡᠷᠢ ᠲᠠᠢ᠂ ᠰᠢᠨ᠎ᠡ ᠰᠡᠪᠡᠭᠦᠨ ᠠᠭᠤᠯᠭ᠎ᠠ ᠲᠠᠢ  ᠤᠷᠠᠨ ᠰᠠᠶᠢᠬᠠᠨ ᠤ ᠲᠤᠭᠯᠠᠯᠳᠠ ᠦᠵᠡᠭᠴᠢᠳ ᠤᠨ ᠬᠠᠷᠠᠭᠠᠨ ᠳᠤ ᠲᠣᠳᠣᠷᠠᠨ  ᠂ ︽ᠪᠣᠳᠠᠰ ᠤᠨ ᠪᠤᠰᠤ ᠰᠣᠶᠣᠯ ᠤᠨ ᠥᠪ︾  ︱ ᠬᠤᠶᠠᠷ ᠬᠦᠮᠦᠨ ᠤ ᠲᠠᠭᠤᠯᠠᠯ᠂ ᠬᠦᠮᠡᠢ᠂ ᠤᠷᠳᠤ ᠶᠢᠨ ᠳᠠᠭᠤᠤ ᠶᠢ ᠬᠠᠮᠤᠷᠠᠭᠰᠠᠨ ᠪᠥᠭᠡᠳ‌ᠦᠨᠳᠦᠰᠦᠲᠡᠨ ᠤ ᠣᠨᠴᠠᠯᠢᠭ ᠲᠠᠢ ᠲᠠᠭᠤᠤ ᠬᠦᠭᠵᠢᠮ  ᠪᠠᠶᠢᠵᠤ᠂ ᠲᠤᠭᠯᠠᠯᠳᠠ ᠶᠢᠨ ᠠᠬᠤᠢ ᠲᠠᠯᠠᠪᠡᠢ ᠬᠦᠷ ᠭᠦᠭᠵᠢᠯ᠂ ᠡᠶ᠎ᠡ ᠵᠣᠬᠢᠴᠠᠩᠭᠤᠢ ᠠᠭᠤᠷ ᠠᠮᠢᠰᠬᠤᠯ ᠢᠶᠠᠷ  ᠪᠢᠯᠬᠠᠯ᠎ᠠ᠃     ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠥᠷᠭᠡᠨ ᠤᠯᠠᠨ ᠠᠵᠢᠯᠲᠠᠨ ᠠᠵᠢᠯᠴᠢᠨ ᠤ ᠰᠠᠶᠢᠨ ᠦᠨᠡᠯᠡᠯᠲᠡ ᠶᠢ ᠣᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠮᠠᠷᠠᠳᠣ ᠬᠢᠯᠢ ᠶᠢᠨ ᠠᠵᠢᠯᠲᠠᠨ ᠤ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠤᠭᠯᠠᠯᠳᠠ ᠳᠤ ᠲᠠᠯᠠᠷᠬᠠᠵᠤ ᠪᠠᠶᠢᠨ᠎ᠠ᠂ ᠮᠠᠨ ᠤ ᠠᠵᠢᠯᠲᠠᠨ ᠠᠵᠢᠯᠴᠢᠨ ᠤ ᠠᠵᠢᠯ ᠤᠨ  ᠴᠢᠯᠤᠬᠡᠨ ᠤ ᠠᠮᠢᠳᠣᠷᠠᠯ ᠢ ᠪᠠᠶᠠᠯᠢᠭᠵᠢᠭᠤᠯᠤᠨ᠂ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠢ ᠮᠡᠳᠡᠷᠡᠭᠦᠯᠦᠭᠰᠡᠨ ᠳᠤ ᠲᠠᠯᠠᠷᠬᠠᠵᠤ ᠪᠠᠶᠢᠨ᠎ᠠ︾ ᠭᠡᠵᠦ  ᠬᠡᠯᠡᠵᠦ ᠪᠠᠶᠢᠯ᠎ᠠ᠃     ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠤ ᠠᠵᠢᠯᠴᠢᠨ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠨᠢ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠦᠨᠳᠦᠰᠦᠨ ᠱᠠᠲᠤᠨ ᠳᠤ ᠬᠦᠷᠭᠡᠵᠦ᠂ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠲᠦᠮᠡᠨ ᠤ ᠰᠡᠳᠬᠢᠯ ᠨᠢᠭᠡᠳᠦᠨ ᠪᠦᠯᠬᠦᠮᠳᠡᠵᠦ᠂ ᠠᠵᠢᠯ ᠬᠢᠵᠦ ᠦᠢᠯᠡᠰ ᠴᠣᠭᠴᠠᠯᠠᠬᠤ  ᠡᠷᠴᠢ ᠵᠤᠷᠢᠭ ᠢ  ᠬᠥᠭᠵᠢᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号