ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠾᠦᠢ ᠢᠦᠢ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/11
    5 ᠰᠠᠷ᠎ᠠ ᠶᠢᠨ 8᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠵᠠᠩ ᠾᠦᠢ ᠢᠦᠢ ᠨᠠᠷ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃     ᠵᠠᠩ ᠾᠦᠢ ᠢᠦᠢ ᠨᠠᠷ ᠪᠠᠶᠠᠨᠬᠤᠸᠠ ᠬᠠᠢ ᠵᠧᠦ ᠵᠠᠳᠠᠭᠠᠢ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢᠨ ᠲᠥᠪ᠂ ᠪᠦᠬᠦ ᠤᠯᠤᠰ ᠤᠨ ᠠᠵᠢᠯᠴᠢᠨ ᠤ ᠬᠤᠰᠢᠭᠤᠴᠢ ᠪᠣᠯᠬᠤ ᠳᠠᠮᠵᠢᠯᠭᠠᠨ ᠪᠦᠰᠡ ᠶᠢᠨ ᠲᠡᠭᠡᠭᠡᠪᠦᠷᠢ ᠶᠢᠨ ᠵᠠᠰᠠᠪᠤᠷᠢ ᠶᠢᠨ ᠠᠩᠭᠢ᠂ ᠠᠵᠢᠯᠲᠠᠨ ᠠᠵᠢᠯᠴᠢᠨ ᠤ ᠠᠵᠢᠯᠯᠠᠬᠤ ᠭᠠᠵᠠᠷ᠂ ᠪᠠᠶᠠᠨᠬᠤᠸᠠ ᠪᠠᠯᠭᠠᠰᠤᠨ ᠤ ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ ᠪᠠᠭ᠎ᠠ ᠵᠢᠵᠢᠭ ᠠᠵᠤ ᠠᠬᠤᠶᠢᠯᠠᠯ ᠤᠨ ᠬᠠᠮᠲᠤᠷᠠᠭᠰᠠᠨ ᠠᠵᠢᠯᠴᠢᠨ ᠤ ᠡᠪᠯᠡᠯ ᠤᠨ ᠵᠥᠪᠯᠡᠯ ᠵᠡᠷᠭᠡ ᠭᠠᠵᠠᠷ ᠢᠶᠠᠷ  ᠭᠦᠨᠵᠡᠭᠡᠶᠢᠷᠡᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠪᠦᠲᠦᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ  ᠲᠤᠬᠠᠢ ᠶᠢᠨ ᠭᠠᠵᠠᠷ ᠲᠤᠨᠢ ᠰᠠᠭᠤᠵᠤ ᠠᠵᠢᠯᠯᠠᠬᠤ ᠳᠣᠯᠣᠳᠤᠭᠠᠷ ᠳᠤᠭᠤᠶᠢᠯᠠᠩ ᠤᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ ᠵᠢᠴᠢ ᠠᠵᠢᠯᠴᠢᠨ ᠤ ᠡᠪᠯᠡᠯ ᠤᠨ ᠦᠢᠯᠡᠳᠦᠯ ᠢ ᠪᠠᠳᠠᠷᠠᠭᠤᠯᠬᠤ᠂ ᠠᠵᠢᠯᠴᠢᠨ ᠤ ᠡᠪᠯᠡᠯ ᠤᠨ ᠵᠠᠷᠤᠳᠠᠯ ᠢ ᠬᠡᠷᠡᠭᠯᠡᠬᠦ ᠵᠡᠷᠭᠡ ᠠᠵᠢᠯ ᠢ ᠨᠠᠷᠢᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠡᠪᠯᠡᠯ ᠤᠨ ᠬᠠᠮᠢᠶ᠎ᠠ ᠪᠦᠬᠦᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠳᠡᠭᠡᠳᠦ ᠬᠡᠮᠵᠢᠶ᠎ᠡ ᠪᠠᠷ ᠨᠣᠲᠠᠯᠠᠬᠤ ᠶᠢᠨ ᠬᠠᠮᠲᠤ ᠤᠯᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠲᠤᠳᠬᠠᠵᠤ᠂ ᠠᠵᠢᠯᠲᠠᠨ ᠠᠵᠢᠯᠴᠢᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠵᠤ᠂ ᠥᠷᠭᠡᠨ ᠤᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠲᠠᠶᠢᠴᠢᠯᠠᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠭᠠᠪᠢᠶ᠎ᠠ ᠵᠢᠳᠬᠦᠯ  ᠭᠠᠷᠭᠠᠬᠤ ᠬᠡᠷᠡᠭᠲᠡᠢ ᠭᠡᠵᠦ ᠱᠠᠭᠠᠷᠳᠠᠪᠠ᠃     8᠎ ᠤ ᠡᠳᠦᠷ ᠤᠨ ᠦᠳᠡ ᠶᠢᠨ ᠬᠤᠶᠢᠨ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠷᠠᠭᠤᠨ ᠦᠵᠦᠮᠦᠴᠢᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠲᠡᠷᠢᠭᠦᠨ ᠤ ᠬᠤᠪᠢ ᠬᠦᠮᠦᠨ ᠪᠠ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠠᠢ ᠬᠠᠮᠲᠤ ᠪᠠᠷ ︽ᠳᠤᠮᠳᠠᠳᠤ ᠶᠢᠨ ᠬᠦᠰᠡᠯᠡᠩ · ᠬᠥᠳᠡᠯᠮᠦᠷᠢ ᠶᠢᠨ ᠪᠠᠶᠠᠰᠤᠯ ︱ ᠰᠡᠳᠬᠢᠯ ᠢᠶᠠᠨ ᠨᠢᠭᠡᠳᠬᠡᠨ ᠨᠠᠮ ᠢᠶᠠᠨ ᠳᠠᠭᠠᠵᠤ᠂ ᠠᠴᠢ ᠶᠢ ᠮᠡᠳᠡᠷᠡᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠮᠠᠷᠠᠲᠤ ᠬᠢᠯᠢ ᠶᠢᠨ ᠠᠵᠢᠯᠲᠠᠨ ᠠᠵᠢᠯᠴᠢᠨ ᠤ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠶᠢ ᠰᠣᠨᠢᠷᠬᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号