ᠡᠷᠡᠭᠦᠯ ᠮᠡᠡᠳᠦ ᠶᠢ ᠮᠠᠯᠴᠢᠳ ᠤᠨ ᠲᠤᠮᠳᠠ ᠭᠦᠷᠭᠡᠭᠰᠡᠨ ᠨᠢ
ᠨᠡᠶᠢᠲᠡᠯᠡᠭᠰᠡᠨ ᠴᠠᠭ᠄
2024/5/11
    5 ᠳ᠋ᠤᠭᠠᠷ ᠰᠠᠷ᠎ᠠ ᠶᠢᠨ 9 ᠎ ᠤ ᠡᠳᠦᠷ ᠶᠠᠪᠤᠬᠳᠠᠬᠰᠠᠨ  ᠪᠠᠷᠠᠭᠤᠨ ᠦᠵᠦᠮᠦᠴᠢᠨ ᠬᠤᠰᠢᠭᠤᠨ ᠤ ᠤᠯᠠᠭᠠᠬᠠᠭᠠᠯᠭ᠎ᠠ ᠰᠤᠮᠤᠨ ᠤ ︿︿ᠦᠪ ᠰᠤᠶᠤᠯ ᠢᠶᠠᠨ ᠬᠠᠳᠠᠭᠠᠯᠠᠵᠦ᠂ ᠲᠤᠮᠳᠠᠳᠦ ᠶᠢᠨ ᠦᠨᠳᠦᠰᠦᠳᠡᠨ ᠤ ᠰᠦᠭ ᠰᠦᠨᠡᠰᠦ ᠶᠢ ᠪᠠᠳᠤᠳᠬᠠᠬᠤ﹀﹀᠎ ᠪᠠᠷ ᠭᠤᠤᠯ ᠰᠡᠳᠦᠪ ᠪᠤᠯᠭᠠᠬᠰᠠᠨ ᠰᠤᠶᠤᠯ ᠲᠠᠮᠢᠷ ᠤᠨ ᠠᠵᠢᠯᠯᠠᠭᠠᠨ ᠤ ᠠᠬᠤᠢ ᠲᠠᠯᠠᠪᠠᠢ ᠳᠤ ᠴᠠᠭᠠᠨ ᠦᠡᠭᠭᠡᠳᠦ ᠠᠵᠢᠯ ᠤᠨ  ᠬᠤᠪᠴᠠᠰᠤ  ᠎ ᠪᠠᠨ ᠡᠮᠦᠰᠦᠭᠰᠡᠨ ᠡᠮᠴᠢ ᠨᠠᠷ ᠮᠠᠯᠴᠢᠳ ᠲᠤ ᠡᠮᠴᠢᠯᠡᠭᠡ ᠭᠢᠭᠦ ᠶᠢᠨ ᠲᠠᠭᠠᠤ  ᠡᠷᠡᠭᠦᠯ ᠮᠡᠡᠳᠦ ᠶᠢᠨ  ᠲᠤᠬᠠᠢ ᠶᠡᠷᠦ ᠶᠢᠨ ᠮᠡᠳᠡᠯᠭᠡ ᠶᠢᠨ ᠤᠬᠠᠭᠤᠯᠭ᠎ᠠ ᠭᠢᠭᠡᠳ ᠶᠠᠭᠠᠷᠠᠤ ᠪᠠᠶᠢᠪᠠ     ᠤᠤᠯ ᠨᠢ ᠲᠤᠰ ᠬᠤᠰᠢᠭᠤᠨ ᠤ  ᠮᠤᠩᠭᠤᠯ ᠡᠮᠨᠡᠯᠭᠡ ᠶᠢᠨ ᠬᠤᠷᠢᠶᠠᠨ ᠤ ᠮᠣᠩᠭᠤᠯ ᠡᠮᠨᠡᠯᠭᠡ ᠶᠢᠨ ᠰᠣᠳᠣᠯᠭᠠᠨ ᠤ ᠲᠠᠭᠠᠭᠤᠯᠤᠭᠴᠢ ᠲᠠᠩ ᠠᠢ ᠮᠢᠨ᠂ ᠠᠬᠠᠮᠠᠳ ᠮᠤᠩᠭᠤᠯ ᠡᠮᠴᠢ  ᠰᠤᠳᠸ᠎ᠡ᠂ ᠲᠠᠶᠢᠴᠢᠨ ᠨᠠᠷ  ᠠᠵᠢᠯᠯᠠᠭᠠᠨ ᠤ  ᠠᠬᠤᠢ ᠲᠠᠯᠠᠪᠠᠢ ᠳᠤ ᠭᠦᠷᠴᠦ᠂ ︿︿ᠡᠮᠴᠢᠯᠡᠭᠡᠨ ᠤ ᠬᠠᠮᠳᠤᠷᠠᠬᠰᠠᠨ ᠪᠠᠶᠢᠭᠤᠯᠤᠮᠵᠢ ᠲᠠᠢ  ᠬᠤᠷᠰᠢᠬᠰᠠᠨ ᠡᠮᠴᠢᠯᠡᠭᠡᠨ ᠤ ᠭᠦᠳᠡᠯᠭᠡᠭᠡᠨ﹀﹀ ᠦᠷᠨᠢᠭᠦᠯᠤᠨ᠂ ᠦᠨ᠎ᠠ ᠦᠷᠳᠡᠭ ᠠᠪᠬᠤ ᠦᠭᠡᠢ ᠪᠠᠷ 139 ᠭᠦᠮᠦᠨ ᠎ ᠳᠤ 8023.9 ᠲᠦᠭᠦᠷᠢᠭ ᠤᠨ ᠦᠷᠳᠡᠭ ᠪᠦᠬᠦᠢ ᠲᠠᠢ ᠡᠮ ᠲᠠᠩ  ᠦᠭᠭᠦᠭᠰᠡᠨ ᠪᠠᠶᠢᠨ᠎ᠠ᠃    ᠡᠨᠡ  ᠎ ᠨᠢ  ᠲᠤᠬᠠᠢ  ᠭᠠᠵᠠᠷ ᠤᠨ ᠮᠠᠯᠴᠢᠳ ᠤᠨ  ᠪᠡᠶ᠎ᠠ ᠪᠠᠨ ᠪᠠᠶᠢᠴᠠᠭᠠᠯᠭᠠᠨ᠂ ᠡᠪᠡᠳᠴᠢᠨ ᠤ ᠪᠠᠶᠢᠳᠠᠯ ᠢᠶᠠᠨ ᠤᠶᠢᠯᠭᠠᠵᠦ᠂ ᠦᠷᠭᠦᠯᠵᠢᠯᠡᠨ ᠡᠪᠡᠳᠴᠢᠨ ᠢᠶᠠᠨ ᠤᠨᠤᠰᠢᠯᠠᠭᠤᠯᠤᠨ ᠵᠠᠰᠠᠭᠤᠯᠬᠤ ᠳᠤ ᠲᠦᠭᠦᠮ ᠨᠦᠭᠦᠴᠡᠯ ᠢ ᠬᠠᠨᠭ᠍ᠭᠠᠨ ᠦᠭᠭᠦᠭᠰᠡᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号