ᠮᠥᠩᠭᠦᠨᠱᠠ ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/11
      5 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠮᠥᠩᠭᠦᠨᠱᠠ ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠵᠤ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠠᠨᠬᠤᠸᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠢ᠃
     ᠬᠤᠷᠠᠯ ᠳᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ  ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠵᠠᠳᠠᠯᠤᠨ ᠰᠤᠳᠤᠯᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠠᠵᠤ ᠠᠬᠤᠢ ᠶᠢᠨ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠡᠳ᠋ ᠤᠨ ᠵᠠᠰᠠᠭ ᠤᠨ ᠣᠷᠣᠯᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠄      ᠡᠨᠡ ᠵᠢᠯ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ  ᠪᠣᠯᠭᠠᠨ᠂ ︽ᠲᠠᠪᠤᠨ ᠶᠡᠭᠡ   ᠡᠭᠦᠷᠭᠡ︾᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠥᠭᠡᠷᠡᠴᠢᠯᠡᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠭᠰᠠᠭᠠᠷ ᠪᠠᠶᠢᠨ᠎ᠠ᠃ 1—4 ᠰᠠᠷ᠎ᠠ ᠳᠤ᠂ ᠪᠥᠬᠦ ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠬᠤᠰᠢᠭᠤᠨ ᠤ ᠠᠵᠤ ᠠᠬᠤᠢ ᠶᠢᠨ ᠠᠵᠢᠯᠯᠠᠭ᠎ᠠ ᠶᠡᠷᠦᠩᠬᠡᠢ ᠳᠡᠭᠡᠨ ᠡᠷᠡᠭᠦᠯ ᠲᠣᠭᠲᠠᠭᠤᠨ ᠢᠶᠠᠷ ᠬᠥᠭᠵᠢᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠨᠡᠮᠡᠭᠳᠡᠨ᠂ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠤ ᠳᠤᠮᠳᠠ ᠠᠬᠢᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠪᠡ ᠭᠡᠵᠡᠢ᠃      ᠬᠤᠷᠠᠯ ᠠᠴᠠ ᠱᠠᠭᠠᠷᠳᠠᠭᠰᠠᠨ ᠨᠢ᠄      ᠨᠢᠭᠡ ᠳᠤ᠂ ᠲᠥᠷᠥᠯ ᠵᠦᠢᠯ ᠢ ᠪᠦᠲᠦᠮᠵᠢᠲᠡᠢ ᠰᠠᠶᠢᠲᠤᠷ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠬᠤ ᠬᠡᠷᠡᠭᠲᠡᠢ᠃ ᠳᠡᠭᠡᠷ᠎ᠡ ᠵᠢᠯ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠤᠭᠰᠠᠨ ᠰᠠᠶᠢᠨ ᠬᠠᠨᠳᠤᠰᠢ ᠶᠢ ᠦᠷᠭᠦᠯᠵᠢᠯᠡᠭᠦᠯᠵᠦ᠂ ᠠᠵᠤ ᠦᠢᠯᠡᠰ ᠲᠠᠢ ᠬᠤᠯᠪᠣᠭᠳᠠᠬᠤ ᠨᠢᠭᠡ ᠪᠦᠯᠦᠭ ᠲᠥᠷᠥᠯ ᠵᠦᠢᠯ ᠢ ᠲᠠᠲᠠᠬᠤ ᠬᠡᠷᠡᠭᠲᠡᠢ᠃ ᠳᠡᠭᠡᠷ᠎ᠡ ᠱᠠᠲᠤ ᠲᠠᠢ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂  ᠢᠵᠢ ᠪᠦᠷᠢᠨ ᠠᠷᠭ᠎ᠠ ᠬᠡᠮᠵᠢᠶ᠎ᠡ ᠶᠢ ᠴᠢᠷᠮᠠᠶᠢᠨ ᠣᠯᠵᠤ᠂ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠪᠡᠯᠡᠳᠬᠡᠨ ᠲᠥᠯᠥᠪᠯᠡᠬᠦ ᠬᠡᠷᠡᠭᠲᠡᠢ᠃ ᠠᠬᠢᠴᠠ ᠨᠢ ᠬᠤᠴᠣᠷᠴᠤ ᠪᠠᠶᠢᠭ᠎ᠠ ᠲᠥᠷᠥᠯ ᠵᠦᠢᠯ ᠢ ᠲᠦᠷᠭᠡᠳᠬᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠠᠵᠢᠯ ᠡᠬᠢᠯᠡᠭᠦᠯᠦᠭᠡᠳᠦᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠤᠨ ᠪᠣᠳᠠᠲᠠᠢ ᠠᠵᠢᠯ ᠤᠨ ᠨᠦᠭᠦᠴᠡᠯ ᠢ ᠲᠦᠷᠭᠡᠳᠬᠡᠨ ᠪᠦᠷᠢᠯᠳᠦᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃     ᠬᠤᠶᠠᠷ ᠲᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭ᠎ᠠ  ᠠᠳᠬᠤᠬᠤ ᠬᠡᠷᠡᠭᠲᠡᠢ᠃ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠨᠠᠷᠢᠨ ᠠᠩᠬᠠᠷᠴᠤ᠂ ᠮᠥᠷᠳᠡᠵᠦ ᠬᠢᠨᠠᠨ ᠬᠡᠮᠵᠢᠬᠦ ᠪᠠᠨ ᠴᠢᠩᠭᠠᠳᠬᠠᠨ᠂ ᠬᠤᠶᠠᠳᠤᠭᠠᠷ ᠤᠯᠠᠷᠢᠯ ᠳᠤ ᠦᠷᠭᠦᠯᠵᠢᠯᠡᠨ ᠴᠢᠷᠮᠠᠶᠢᠵᠤ᠂ ︽ᠬᠤᠶᠠᠷ ᠢ ᠬᠠᠭᠠᠰ ᠠᠴᠠ ᠳᠡᠭᠡᠭᠰᠢ ᠪᠡᠶᠡᠯᠡᠭᠦᠯᠬᠦ︾ ᠶᠢ ᠪᠠᠲᠤᠯᠠᠨ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃    ᠭᠤᠷᠪᠠ ᠳᠤ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠠᠷᠤᠯᠭ᠎ᠠ ᠵᠢᠴᠢ ᠲᠥᠰᠥᠪ ᠤᠨ ᠬᠠᠮᠢᠶᠠᠷᠤᠯᠲᠠ ᠶᠢ ᠨᠠᠷᠢᠨ ᠪᠣᠳᠠᠲᠠᠢ ᠠᠳᠬᠤᠬᠤ ᠬᠡᠷᠡᠭᠲᠡᠢ᠃ ᠡᠳ᠋ ᠤᠨ ᠵᠠᠰᠠᠭ ᠭᠠᠶᠢᠯᠢ ᠲᠠᠲᠠᠪᠤᠷᠢ  ᠵᠢᠴᠢ ᠬᠠᠮᠢᠶᠠᠷᠤᠯᠲᠠ ᠶᠢᠨ ᠬᠤᠯᠪᠣᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠳᠠᠯᠳᠠ ᠬᠦᠴᠦᠨ ᠢ ᠭᠦᠢᠴᠡᠳ ᠢᠯᠡᠷᠡᠭᠦᠯᠵᠦ᠂ ᠲᠥᠰᠥᠪ ᠤᠨ  ᠪᠦᠲᠦᠮᠵᠢ ᠶᠢᠨ ᠲᠤᠬᠠᠢ ᠣᠶᠢᠯᠠᠭᠠᠭᠳᠠᠬᠤᠨ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠵᠠᠷᠤᠯᠭ᠎ᠠ ᠶᠢᠨ  ᠪᠦᠲᠦᠮᠵᠢ ᠶᠢ ᠪᠠᠲᠤᠯᠠᠬᠤ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠄    ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠤᠳᠤᠷᠢᠳᠤᠯᠭ᠎ᠠ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠯᠪᠠᠨ ᠭᠡᠷ  ᠵᠠᠳᠠᠯᠤᠨ ᠰᠤᠳᠤᠯᠵᠤ ᠮᠠᠭᠠᠳᠯᠠᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠬᠤᠯᠪᠣᠭᠠᠯᠠᠭᠰᠠᠨ᠂ ᠨᠢᠭᠲᠠ ᠬᠠᠮᠵᠢᠯᠴᠠᠭ᠎ᠠ ᠲᠠᠢ ᠠᠵᠢᠯ ᠤᠨ ᠬᠠᠮᠲᠤᠷᠠᠭᠰᠠᠨ ᠬᠦᠴᠦᠨ ᠢ ᠪᠣᠶ ᠪᠣᠯᠭᠠᠵᠤ᠂ ᠬᠠᠷᠠᠯᠲᠠ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠢᠯ ᠤᠨ ᠡᠬᠢᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠢᠯ ᠲᠥᠷᠥᠯ᠂ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ  ᠨᠠᠷᠢᠨ ᠠᠩᠬᠠᠷᠴᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号