ᠪᠠᠷᠠᠭᠤᠨ ᠦᠵᠦᠮᠦᠴᠢᠨ ᠬᠤᠰᠢᠭᠤ ᠪᠠᠶᠠᠨᠬᠤᠸᠠ ᠬᠤᠶᠠᠳᠤᠭᠠᠷ ᠠᠭᠤᠷᠬᠠᠢ ᠶᠢᠨ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/5/13
     ᠮᠠᠨ ᠤ ᠬᠤᠰᠢᠭᠤᠨ ᠤ ᠪᠠᠷᠢᠮᠵᠢᠶᠠᠵᠢᠭᠤᠯᠬᠤ ᠠᠵᠢᠯ ᠢ ᠴᠢᠩᠭᠠᠳᠬᠠᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽2024 ᠣᠨ ᠤ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠠᠭᠤᠯᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠮᠡᠳᠡᠭᠳᠡᠯ︾᠎ ᠤᠨ ᠱᠠᠭᠠᠷᠳᠠᠯᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 5 ᠰᠠᠷ᠎ᠠ ᠶᠢᠨ 9᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠨᠬᠤᠸᠠ ᠬᠤᠶᠠᠳᠤᠭᠠᠷ ᠠᠭᠤᠷᠬᠠᠢ ᠳᠤ ᠭᠦᠨᠵᠡᠭᠡᠶᠢᠷᠡᠨ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠡᠨᠡ ᠵᠢᠯ ᠤᠨ 3 ᠰᠠᠷ᠎ᠠ ᠶᠢᠨ ᠡᠬᠢ ᠪᠠᠷ᠂ ᠪᠠᠶᠠᠨᠬᠤᠸᠠ ᠬᠤᠶᠠᠳᠤᠭᠠᠷ ᠠᠭᠤᠷᠬᠠᠢ ᠨᠢ 2024 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠵᠥᠪᠰᠢᠶᠡᠷᠡᠯ ᠢ  ᠣᠯᠪᠠ᠃ ᠡᠨᠡ ᠨᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠠᠬᠢ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠢᠨ᠎ᠡ  ᠦᠢᠯᠡᠳᠦᠯᠭᠡ ᠪᠣᠯᠵᠤ᠂ ᠪᠥᠬᠦ ᠣᠷᠣᠨ ᠳᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠨᠢ ᠪᠣᠬᠢᠷᠲᠤᠯ ᠦᠭᠡᠢ ᠠᠭᠤᠷᠬᠠᠢ ᠶᠢᠨ ᠬᠦᠷᠢᠶ᠎ᠡ ᠬᠡᠪᠴᠢᠶᠡᠨ ᠳᠤ ᠶᠡᠷᠦ ᠠᠴᠠ ᠬᠡᠷᠡᠭᠵᠢᠭᠦᠯᠦᠭᠳᠡᠭᠡ ᠦᠭᠡᠢ  ᠪᠠᠶᠢᠭᠰᠠᠨ ᠳᠤᠲᠠᠭᠳᠠᠯ ᠢ ᠨᠦᠬᠦᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ᠂ ᠪᠣᠬᠢᠷᠲᠤᠯ ᠦᠭᠡᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ  ᠲᠠᠯᠪᠢᠬᠤ ᠶᠠᠪᠤᠳᠠᠯ ᠪᠣᠯᠣᠨ᠎ᠠ᠃ ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠢ ᠭᠤᠣᠯᠳᠠᠭᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠠᠴᠢ ᠬᠤᠯᠪᠣᠭᠳᠠᠯ ᠪᠠ ᠦᠢᠯᠡᠳᠦᠯ᠂ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠤ ᠲᠥᠯᠦᠪᠵᠢᠭᠦᠯᠭᠡ ᠵᠢᠴᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢᠨ ᠲᠠᠯ᠎ᠠ  ᠪᠠᠷ ᠬᠢ ᠭᠤᠣᠯᠳᠠᠯᠭ᠎ᠠ  ᠲᠠᠢ ᠵᠠᠳᠠᠯᠤᠯᠲᠠ ᠪᠣᠯᠣᠨ ᠰᠤᠳᠤᠯᠤᠨ ᠮᠠᠭᠠᠳᠯᠠᠯᠲᠠ ᠳᠤ ᠴᠢᠭᠯᠡᠭᠦᠯᠦᠨ ᠡᠷᠬᠢᠯᠡᠵᠡᠢ᠃ ᠡᠬᠢᠯᠡᠯᠲᠡ ᠶᠢᠨ ᠶᠣᠰᠣᠯᠠᠯ ᠳᠤ᠂ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠠᠵᠢᠯ ᠤᠨ ᠦᠨᠳᠦᠰᠦᠨ ᠦᠢᠯᠡᠳᠦᠯ ᠵᠢᠴᠢ ᠲᠤᠰ ᠤᠳᠠᠭᠠᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠪᠠᠶᠠᠨᠬᠤᠸᠠ ᠬᠤᠶᠠᠳᠤᠭᠠᠷ ᠠᠭᠤᠷᠬᠠᠢ ᠶᠢᠨ ᠭᠤᠣᠯ ᠤᠳᠤᠷᠢᠳᠤᠯᠭ᠎ᠠ ᠠᠴᠠ ᠲᠣᠰ ᠤᠳᠠᠭᠠᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠳᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠲᠣᠰ ᠤᠳᠠᠭᠠᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠬᠦᠴᠦᠨ ᠵᠦᠢᠯ ᠢ ᠨᠠᠷᠢᠨ ᠨᠢᠮᠪᠠᠢ ᠡᠮᠬᠢᠯᠡᠨ ᠳᠢᠭᠯᠡᠵᠦ᠂ ᠡᠭᠦᠷᠭᠡ ᠬᠠᠷᠢᠭᠤᠴᠠᠯᠭ᠎ᠠ ᠪᠠᠨ  ᠴᠢᠩᠭᠠᠳᠬᠠᠨ᠂ ᠪᠣᠬᠢᠷᠲᠤᠯ ᠦᠭᠡᠢ ᠥᠨᠳᠥᠷ ᠪᠠᠷᠢᠮᠵᠢᠶᠠᠲᠤ ᠠᠭᠤᠷᠬᠠᠢ ᠶᠢ ᠪᠣᠶ ᠪᠣᠯᠭᠠᠬᠤ ᠠᠵᠢᠯᠯᠠᠭ᠎ᠠ ᠶᠢ ᠪᠣᠳᠠᠲᠠᠢ ᠬᠡᠷᠡᠭᠵᠢᠭᠦᠯᠵᠦ᠂ ᠠᠵᠤ ᠠᠬᠤᠶᠢᠯᠠᠯ ᠢᠶᠠᠨ ᠪᠣᠬᠢᠷᠲᠤᠯ ᠦᠭᠡᠢ ᠠᠭᠤᠷᠬᠠᠢ ᠶᠢᠨ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠬᠡᠪ ᠳᠠᠭᠤᠷᠢᠶᠠᠯ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号