ᠪᠠᠷᠠᠭᠤᠨ ᠦᠵᠦᠮᠦᠴᠢᠨ ᠬᠤᠰᠢᠭᠤ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠥᠷᠲᠡᠭᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠣᠯᠠᠨ ᠲᠦᠮᠡᠨ ᠤ ᠵᠣᠯ  ᠵᠢᠷᠭᠠᠯᠲᠣ ᠲᠥᠷᠥᠭᠳᠡᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/5/14
                                                              ᠣᠶᠢᠷ᠎ᠠ  ᠶᠢᠨ ᠡᠳᠦᠷ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠲᠢᠶᠠᠨ ᠵᠢᠶᠣᠣ  ᠴᠧᠩ ᠰᠠᠭᠤᠭᠠᠯᠢ  ᠠᠷᠠᠳ ᠤᠨ ᠲᠣᠭᠤᠷᠢᠭ ᠲᠤ  ᠬᠦᠷᠬᠦ ᠳᠤ᠂ ᠰᠢᠯᠢ ᠶᠢᠨ ᠭᠤᠣᠯ ᠤᠨ ᠰᠢᠯᠵᠢᠮᠡᠯ ᠬᠤᠯᠪᠣᠭᠠᠨ ᠤ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠺᠣᠮᠫᠠᠨᠢ ᠶᠢᠨ ᠠᠵᠢᠯᠲᠠᠳ 5G ᠰᠦᠯᠵᠢᠶᠡᠨ ᠤ ᠰᠠᠭᠤᠷᠢ ᠥᠷᠲᠡᠭᠡ ᠶᠢ ᠪᠠᠶᠢᠭᠤᠯᠬᠤ ᠪᠠᠷ ᠶᠠᠭᠠᠷᠠᠯᠳᠤᠵᠤ ᠪᠠᠶᠢᠯ᠎ᠠ᠃ ᠬᠥᠮᠥᠰ ᠤᠨ ᠠᠮᠢᠳᠤᠷᠠᠯ ᠤᠨ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠬᠡᠰᠡᠭ ᠭᠠᠵᠠᠷ ᠣᠷᠣᠨ ᠤ ᠰᠦᠯᠵᠢᠶᠡᠨ ᠤ ᠮᠡᠳᠡᠭᠡ ᠬᠤᠯᠪᠣᠭ᠎ᠠ ᠨᠢ ᠨᠢᠭᠡᠨᠲᠡ ᠣᠯᠠᠨ ᠲᠦᠮᠡᠨ ᠤ ᠰᠢᠨ᠎ᠡ ᠬᠡᠷᠡᠭᠴᠡᠭᠡ ᠶᠢ ᠬᠦᠢᠴᠡᠳ ᠬᠠᠩᠭᠠᠵᠤ ᠳᠡᠶᠢᠯᠬᠦ ᠦᠭᠡᠢ ᠪᠣᠯᠤᠭᠰᠠᠨ ᠪᠠᠶᠢᠳᠠᠯ ᠳᠤ ᠴᠢᠭᠯᠡᠭᠦᠯᠦᠨ᠂ ᠰᠢᠯᠢ ᠶᠢᠨ ᠭᠤᠣᠯ ᠤᠨ ᠰᠢᠯᠵᠢᠮᠡᠯ ᠬᠤᠯᠪᠣᠭᠠᠨ ᠤ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠺᠣᠮᠫᠠᠨᠢ ᠨᠢ ᠲᠣᠭᠠᠴᠢᠯᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠣᠰᠣᠭᠠᠷ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠮᠡᠳᠡᠭᠡ ᠬᠤᠯᠪᠣᠭᠠᠨ ᠤ ᠰᠦᠯᠵᠢᠶᠡᠨ ᠤ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠺᠣᠮᠫᠠᠨᠢ ᠨᠢ 2024 ᠣᠨ ᠤ 2 ᠰᠠᠷ᠎ᠠ ᠳᠤ 4G᠂ 5G ᠶᠢᠨ ᠰᠦᠯᠵᠢᠶᠡᠨ ᠤ ᠰᠠᠭᠤᠷᠢ ᠥᠷᠲᠡᠭᠡ ᠶᠢᠨ ᠢᠨᠵᠧᠨᠧᠷᠢᠩ ᠢ ᠡᠬᠢᠯᠡᠨ ᠪᠠᠶᠢᠭᠤᠯᠵᠤ᠂ ᠭᠤᠣᠯᠳᠠᠭᠤ ᠪᠠᠷᠠᠭᠤᠨ ᠦᠵᠦᠮᠦᠴᠢᠨ ᠬᠤᠰᠢᠭᠤᠨ ᠤ ᠲᠢᠶᠠᠨ ᠵᠢᠶᠣᠣ  ᠴᠧᠩ ᠰᠠᠭᠤᠭᠠᠯᠢ ᠠᠷᠠᠳ ᠤᠨ ᠲᠣᠭᠤᠷᠢᠭ᠂ ᠨᠢᠰᠬᠡᠯ ᠤᠨ ᠪᠠᠭᠤᠳᠠᠯ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠡᠷᠭᠡ ᠬᠡᠰᠡᠭ ᠪᠦᠷᠬᠦᠴᠡ ᠪᠠᠷ ᠪᠠᠭᠤᠷᠠᠢ ᠠᠭᠤᠷᠬᠠᠢ ᠶᠢᠨ ᠣᠷᠣᠨ ᠵᠢᠴᠢ ᠪᠠᠶᠠᠨᠪᠤᠯᠠᠭ ᠭᠠᠴᠠᠭ᠎ᠠ ᠵᠡᠷᠭᠡ ᠪᠦᠷᠬᠦᠴᠡ ᠪᠠᠷ ᠪᠠᠭᠤᠷᠠᠢ ᠮᠠᠯᠵᠢᠬᠤ ᠣᠷᠣᠨ ᠳᠤ 4G᠂ 5G ᠶᠢᠨ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠬᠢᠵᠦ᠂ ᠰᠦᠯᠵᠢᠶᠡᠨ ᠤ ᠪᠦᠷᠬᠦᠴᠡ ᠶᠢ ᠳᠡᠭᠡᠭᠰᠢᠯᠡᠭᠦᠯᠦᠨ᠂ ᠵᠢᠱᠢᠯᠲᠡ ᠪᠠᠷ ᠢᠨᠵᠧᠨᠧᠷᠢᠩ ᠢ 7 ᠰᠠᠷ᠎ᠠ ᠳᠤ  ᠳᠠᠭᠤᠰᠬᠠᠬᠤ ᠪᠠᠷ ᠪᠣᠢ᠃      2024 ᠣᠨ ᠳᠤ ᠰᠢᠯᠵᠢᠮᠡᠯ ᠬᠤᠯᠪᠣᠭᠠᠨ ᠤ ᠪᠠᠷᠠᠭᠤᠨ ᠦᠵᠦᠮᠦᠴᠢᠨ ᠤ ᠬᠤᠪᠢᠶᠠᠷᠢ ᠺᠣᠮᠫᠠᠨᠢ ᠶᠢᠨ ᠲᠦᠷᠦᠭᠦᠸ ᠪᠦᠯᠦᠭ ᠤᠨ ᠪᠠᠶᠢᠭᠤᠯᠵᠤ ᠪᠠᠶᠢᠭ᠎ᠠ 5G ᠶᠢᠨ ᠰᠠᠭᠤᠷᠢ ᠥᠷᠲᠡᠭᠡ ᠨᠢ 23 ᠪᠠᠶᠢᠵᠤ᠂ ᠨᠡᠶᠢᠲᠡ 7200 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠠᠭᠤᠷᠢ ᠥᠷᠲᠡᠭᠡ ᠨᠢ ᠪᠥᠬᠦ ᠬᠤᠰᠢᠭᠤᠨ ᠤ 5 ᠰᠤᠮᠤ ᠪᠠᠯᠭᠠᠰᠤᠨ ᠳᠤ ᠲᠠᠷᠬᠠᠵᠤ᠂ ᠰᠦᠯᠵᠢᠶᠡᠨ ᠤ ᠳᠣᠬᠢᠶ᠎ᠠ ᠨᠢ 23 ᠭᠠᠴᠠᠭ᠎ᠠ ᠶᠢ ᠬᠠᠮᠤᠷᠤᠭᠰᠠᠨ ᠪᠠᠶᠢᠨ᠎ᠠ᠃ ᠣᠳᠣᠬᠠᠨ ᠳᠤ ᠪᠥᠬᠦ ᠬᠤᠰᠢᠭᠤᠨ ᠤ 4G ᠰᠠᠭᠤᠷᠢ ᠥᠷᠲᠡᠭᠡ 181᠂ 5G ᠰᠠᠭᠤᠷᠢ ᠥᠷᠲᠡᠭᠡ 167᠂ ᠥᠷᠭᠡᠨ ᠪᠦᠰᠡ ᠶᠢᠨ ᠬᠡᠷᠡᠭᠯᠡᠭᠴᠢ 10000 ᠭᠠᠷᠤᠢ ᠡᠷᠦᠬᠡ ᠪᠠᠶᠢᠵᠤ᠂ ᠣᠶᠤᠨᠲᠤ ᠵᠠᠮ ᠬᠠᠷᠢᠯᠴᠠᠭ᠎ᠠ᠂ ᠣᠶᠤᠨᠲᠤ ᠡᠮᠴᠢᠯᠡᠭᠡ᠂ ᠣᠶᠤᠨᠲᠤ ᠠᠭᠤᠷᠬᠠᠢ ᠵᠡᠷᠭᠡ ᠬᠦᠷᠢᠶᠡᠨ ᠤ ᠬᠥᠭᠵᠢᠯᠲᠡ ᠳᠤ ᠳᠡᠮᠵᠢᠯᠭᠡ ᠬᠠᠩᠭᠠᠵᠤ ᠪᠠᠶᠢᠨ᠎ᠠ᠃      ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠣ ᠺᠣᠮᠫᠠᠨᠢ  ᠶᠢᠨ ᠪᠠᠷᠠᠭᠤᠨ ᠦᠵᠦᠮᠦᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ   ᠶᠢᠨ ᠳᠡᠳ᠋ ᠶᠡᠷᠦᠩᠬᠡᠢ ᠳᠠᠭᠠᠭᠠᠮᠠᠯ        ᠭᠦᠸᠧ ᠯᠢ ᠴᠢᠶᠠᠩ       2024 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠨᠡᠭᠦᠳᠡᠯ ᠬᠤᠯᠪᠣᠭᠠᠨ ᠤ ᠠᠩᠬᠠᠨ ᠤ ᠪᠦᠯᠦᠭ ᠤᠨ ᠪᠠᠶᠢᠭᠤᠯᠵᠤ ᠪᠠᠶᠢᠭ᠎ᠠ 5G ᠶᠢᠨ ᠰᠠᠭᠤᠷᠢ ᠦᠷᠳᠡᠭᠡ ᠨᠡᠶᠢᠲᠡ 23 ᠪᠠᠶᠢᠵᠤ᠂ 7200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠪᠣᠯᠵᠣ᠂ ᠰᠠᠭᠤᠷᠢ ᠥᠷᠲᠡᠭᠡ ᠨᠢ 5 ᠰᠤᠮᠤ ᠪᠠᠯᠭᠠᠰᠤ ᠪᠠᠷ ᠲᠠᠷᠬᠠᠵᠤ᠂ 23 ᠭᠠᠴᠠᠭ᠎ᠠ ᠶᠢ ᠬᠠᠮᠤᠷᠪᠠ᠃ 2 ᠳ᠋ᠤᠭᠠᠷ ᠰᠠᠷ᠎ᠠ ᠠᠴᠠ ᠡᠬᠢᠯᠡᠵᠦ ᠪᠠᠷᠢᠭᠠᠳ ᠪᠠᠷᠤᠭ 7 ᠳ᠋ᠤᠭᠠᠷ ᠰᠠᠷ᠎ᠠ ᠳᠤ ᠪᠦᠬᠦᠨ ᠢ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠠᠶᠢᠨ᠎ᠠ᠃      ᠭᠤᠣᠯᠳᠠᠭᠤ ᠬᠤᠳᠠ ᠶᠢᠨ ᠲᠣᠭᠤᠷᠢᠭ ᠤᠨ ᠲᠣᠮᠣ ᠬᠡᠯᠪᠡᠷᠢ ᠶᠢᠨ ᠣᠷᠣᠨ ᠰᠠᠭᠤᠴᠠ ᠶᠢᠨ ᠲᠣᠭᠤᠷᠢᠭ᠂ ᠵᠢᠱᠢᠶᠡᠯᠡᠪᠡᠯ ᠲᠢᠶᠠᠨ ᠵᠢᠶᠣᠣ ᠴᠧᠩ ᠰᠠᠭᠤᠭᠠᠯᠢ ᠠᠷᠠᠳ ᠤᠨ ᠲᠣᠭᠤᠷᠢᠭ ᠵᠡᠷᠭᠡ  ︔ ᠠᠵᠤ ᠦᠢᠯᠡᠳᠪᠦᠷᠢ ᠶᠢᠨ ᠲᠣᠭᠤᠷᠢᠭ᠂ ᠵᠢᠱᠢᠶᠡᠯᠡᠪᠡᠯ ᠪᠠᠶᠠᠨᠬᠤᠸᠠ ᠶᠢᠨ ᠡᠯ᠎ᠡ ᠠᠭᠤᠷᠬᠠᠢ ᠶᠢᠨ ᠲᠣᠭᠤᠷᠢᠭ᠂ ᠴᠠᠬᠢᠯᠭᠠᠨ ᠤ ᠦᠢᠯᠡᠳᠪᠦᠷᠢ᠂ ᠵᠢᠢ ᠡᠯ ᠠᠭᠤᠷᠬᠠᠢ ᠵᠡᠷᠭᠡ ᠪᠠ ᠮᠠᠯᠵᠢᠬᠤ ᠣᠷᠣᠨ ᠤ ᠬᠡᠰᠡᠭ ᠲᠣᠣᠷ ᠰᠦᠯᠵᠢᠶ᠎ᠡ ᠪᠠᠷ ᠪᠦᠷᠬᠦᠭᠰᠡᠨ ᠢᠶᠠᠷ ᠪᠠᠭᠤᠷᠠᠢ ᠰᠤᠮᠤ ᠭᠠᠴᠠᠭ᠎ᠠ ᠶᠢ ᠪᠠᠭᠲᠠᠭᠠᠨ᠎ᠠ᠃      ᠰᠡᠭᠦᠯᠡᠷ ᠬᠠᠮᠠᠭᠠᠯᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠺᠣᠮᠫᠠᠨᠢ ᠶᠢᠨ ᠬᠠᠮᠠᠭᠠᠯᠠᠯᠲᠠ  ᠶᠢᠨ ᠠᠵᠢᠯᠲᠠᠳ ᠲᠡᠮᠦᠷ ᠰᠤᠪᠤᠷᠭ᠎ᠠ ᠶᠢᠨ ᠺᠣᠮᠫᠠᠨᠢ ᠲᠠᠢ ᠬᠠᠮᠵᠢᠯᠴᠠᠨ᠂ ᠬᠠᠮᠢᠭ᠎ᠠ ᠳᠣᠬᠢᠶ᠎ᠠ  ᠰᠦᠯᠵᠢᠶ᠎ᠡ ᠪᠠᠶᠢᠬᠤ ᠦᠭᠡᠢ ᠪᠣᠯ ᠪᠦᠲᠦᠭᠡᠨ ᠪᠠᠶᠢᠭᠤᠯᠤᠯᠲᠠ ᠶᠢᠨ ᠠᠵᠢᠯᠲᠠᠳ ᠲᠡᠨᠳᠡ ᠬᠦᠷᠬᠦ ᠪᠣᠯᠣᠨ᠎ᠠ︔ ᠬᠠᠮᠢᠭ᠎ᠠ ᠨᠢ ᠭᠡᠮᠲᠦᠯ ᠭᠠᠷᠪᠠᠯ ᠂ ᠬᠠᠮᠠᠭᠠᠯᠠᠭᠴᠢ ᠨᠢ ᠬᠠᠮᠤᠭ ᠤᠨ ᠲᠦᠷᠦᠭᠦᠨ ᠳᠤ ᠲᠡᠨᠳᠡ ᠢᠯᠡᠷᠡᠵᠤ᠂ ᠬᠠᠮᠠᠭᠠᠯᠠᠯᠲᠠ ᠶᠢᠨ ᠠᠵᠢᠯ ᠤᠨ ᠲᠠᠯ᠎ᠠ ᠪᠠᠷ᠂ ᠪᠢᠳᠡ ᠰᠠᠭᠠᠳ ᠤᠨ ᠲᠤᠭ᠎ᠠ ᠶᠢ ᠬᠠᠮᠤᠭ ᠤᠨ ᠴᠥᠭᠡᠨ ᠪᠣᠯᠭᠠᠵᠤ᠂ ᠵᠠᠪᠳᠤᠨ ᠵᠠᠰᠠᠬᠤ ᠴᠠᠭ ᠢ ᠬᠠᠮᠤᠭ ᠤᠨ ᠣᠬᠤᠷ ᠪᠣᠯᠭᠠᠵᠤ᠂ ᠰᠠᠭᠠᠳ ᠢ ᠰᠡᠷᠭᠡᠶᠢᠯᠡᠨ ᠡᠵᠡᠮᠳᠡᠨ᠎ᠡ᠃ ᠮᠥᠨ ᠴᠦ ᠰᠦᠯᠵᠢᠶ᠎ᠡ ᠶᠢ ᠬᠢᠴᠢᠶᠡᠩᠭᠦᠶᠢᠯᠡᠨ ᠰᠠᠬᠢᠬᠤ ᠪᠣᠯ ᠠᠵᠤ ᠠᠬᠤᠶᠢᠯᠠᠯ ᠤᠨ ᠠᠮᠢᠨ ᠰᠤᠳᠠᠰᠤᠨ ᠤ ᠵᠠᠷᠴᠢᠮ ᠮᠥᠨ᠃        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号