ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠡᠯ᠎ᠡ ᠪᠡᠯᠴᠢᠭᠡᠷᠯᠡᠬᠦᠯᠬᠦ ᠠᠰᠠᠭᠤᠳᠠᠯ ᠢ ᠦᠨᠳᠦᠰᠦᠨ ᠠᠴᠠ ᠨᠢ | ᠰᠠᠶᠢᠲᠤᠷ ᠰᠢᠢᠳᠪᠦᠷᠢᠯᠡᠵᠦ᠂ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠪᠠ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠭᠦᠯᠬᠦ ᠠᠰᠢᠭᠲᠠᠢ ᠵᠠᠭᠪᠤᠷ ᠢ ᠢᠳᠡᠪᠬᠢᠲᠡᠢ ᠰᠦᠪᠡᠭᠴᠢᠯᠡᠬᠦ ᠶᠢᠨ ᠳᠦᠯᠦᠭᠡ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠡᠯ᠎ᠡ | ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ ᠤᠨ ᠲᠥᠰᠥᠯ︾ ᠤᠨ ᠬᠠᠮᠢᠶ᠎ᠠ ᠪᠦᠬᠦᠢ | ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ | ᠲᠣᠭᠲᠠᠭᠠᠪᠠ᠃ | ᠨᠢᠭᠡ᠂ ᠨᠥᠬᠦᠪᠦᠷᠢ ᠥᠭᠬᠦ ᠬᠡᠪᠴᠢᠶ᠎ᠡ | ᠲᠣᠰ ᠲᠥᠰᠥᠯ ᠢ ᠵᠥᠪᠬᠡᠨ ᠲᠣᠰ ᠬᠤᠰᠢᠭᠤᠨ ᠤ ᠮᠠᠯᠵᠢᠬᠤ ᠣᠷᠣᠨ ᠤ ᠡᠷᠦᠬᠡ ᠠᠮᠠ ᠶᠢᠨ ᠲᠠᠩᠰᠠ ᠲᠠᠢ | ᠮᠢᠬᠠᠨ ᠤ ᠬᠤᠨᠢ ᠲᠡᠵᠢᠭᠡᠨ ᠦᠷᠡᠵᠢᠭᠦᠯᠬᠦ ᠮᠠᠯᠵᠢᠬᠤ ᠡᠷᠦᠬᠡ ᠪᠠ ᠠᠯᠠᠵᠤ ᠨᠢᠲᠤᠯᠵᠤ ᠡᠳ᠋ᠰᠢᠭᠦᠯᠬᠦ ᠠᠵᠤ | ᠠᠬᠤᠶᠢᠯᠠᠯ ᠳᠤ ᠬᠡᠷᠡᠭᠯᠡᠨ᠎ᠡ᠃ 10 ᠲᠦᠮᠡᠨ ᠬᠤᠷᠠᠭ᠎ᠠ ᠳᠤ ᠨᠥᠬᠦᠪᠦᠷᠢ ᠥᠭᠬᠦ ᠪᠠᠷ ᠲᠥᠯᠥᠪᠯᠡᠵᠦ ᠪᠠᠶᠢᠨ᠎ᠠ᠃ | ᠬᠤᠶᠠᠷ᠂ ᠨᠥᠬᠦᠪᠦᠷᠢ ᠥᠭᠬᠦ ᠪᠠᠷᠢᠮᠵᠢᠶ᠎ᠠ | ︵ᠨᠢᠭᠡ︶ ᠮᠠᠯ ᠪᠤᠷᠤᠯᠠᠭᠤᠯᠬᠤ᠃ ᠮᠠᠯᠵᠢᠬᠤ ᠡᠷᠦᠬᠡ ᠬᠢᠭᠡᠳ ᠨᠡᠶᠢᠭᠡᠮᠯᠢᠭ ᠲᠠᠢ ᠬᠤᠷᠠᠭ᠎ᠠ ᠶᠢ ᠡᠷᠲᠡ | ᠪᠣᠷᠣᠯᠠᠭᠤᠯᠬᠤ ᠬᠡᠯᠡᠯᠴᠡᠭᠡᠷ ᠲᠣᠭᠲᠠᠵᠤ᠂ 6 ᠰᠠᠷ᠎ᠠ ᠶᠢᠨ 30 ᠤ ᠡᠳᠦᠷ ᠠᠴᠠ ᠡᠮᠦᠨ᠎ᠡ ᠠᠮᠢᠳᠤ ᠮᠠᠯ ᠤᠨ | ᠠᠷᠠᠯᠵᠢᠶᠠᠨ ᠤ ᠬᠡᠯᠪᠡᠷᠢ ᠪᠠᠷ ᠬᠤᠰᠢᠭᠤᠨ ᠤ ᠭᠠᠳᠠᠨ᠎ᠠ ᠬᠤᠷᠠᠭ᠎ᠠ ᠪᠠᠨ ᠬᠤᠳᠠᠯᠳᠤᠬᠤ ᠶᠢᠨ ᠬᠠᠮᠲᠤ ᠬᠤᠳᠠᠯᠳᠤᠭᠰᠠᠨ | ᠭᠡᠷ᠎ᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠪᠠᠯ᠂ ᠬᠤᠷᠠᠭ᠎ᠠ ᠪᠦᠷᠢ ᠳᠤ 50 ᠲᠥᠭᠦᠷᠢᠭ ᠤᠨ | ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ᠃ | ︵ᠬᠤᠶᠠᠷ︶ ᠨᠢᠲᠤᠯᠵᠤ ᠡᠳ᠋ᠰᠢᠭᠦᠯᠦᠨ ᠭᠠᠷᠭᠠᠬᠤ᠃ ᠦᠵᠦᠮᠦᠴᠢᠨ ᠬᠤᠨᠢᠨ ᠤ ᠨᠡᠶᠢᠭᠡᠮᠯᠢᠭ᠂ ᠮᠠᠯᠵᠢᠬᠤ | ᠡᠷᠦᠬᠡ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠨᠢ ᠬᠤᠷᠠᠭ᠎ᠠ ᠢᠰᠢᠭᠡ ᠡᠷᠲᠡ ᠭᠠᠷᠭᠠᠬᠤ ᠵᠠᠬᠢᠶᠠᠯᠠᠭ᠎ᠠ ᠶᠢᠨ ᠭᠡᠷ᠎ᠡ | ᠲᠣᠭᠲᠠᠬᠤ ᠬᠡᠷᠡᠭᠲᠡᠢ᠃ 2024 ᠣᠨ ᠤ 6 ᠰᠠᠷ᠎ᠠ ᠶᠢᠨ 16 ᠤ ᠡᠳᠦᠷ ᠠᠴᠠ 7 ᠰᠠᠷ᠎ᠠ ᠶᠢᠨ 15 ᠤ ᠡᠳᠦᠷ | ᠪᠣᠯᠲᠠᠯᠠᠬᠢ ᠬᠤᠭᠤᠴᠠᠭᠠᠨ ᠳᠤ᠂ ᠮᠠᠯᠴᠢᠨ ᠡᠷᠦᠬᠡ ᠵᠠᠬᠢᠶᠠᠯᠠᠭ᠎ᠠ ᠶᠢᠨ ᠴᠠᠭ ᠢᠶᠠᠨ ᠦᠨᠳᠦᠰᠦᠯᠡᠨ᠂ ᠲᠣᠰ | ᠬᠤᠰᠢᠭᠤᠨ ᠤ ᠨᠢᠲᠤᠯᠵᠤ ᠪᠣᠯᠪᠠᠰᠤᠷᠠᠭᠤᠯᠬᠤ ᠠᠵᠤ ᠠᠬᠤᠶᠢᠯᠠᠯ ᠳᠤ ᠲᠣᠭᠲᠠᠭᠰᠠᠨ ᠴᠠᠭ ᠲᠠᠭᠠᠨ ᠬᠤᠷᠠᠭ᠎ᠠ ᠪᠠᠨ | ᠬᠤᠳᠠᠯᠳᠤᠨ᠎ᠠ᠃ ᠬᠤᠷᠠᠭᠠᠨ ᠤ ᠬᠡᠩᠬᠦᠳᠡᠭ ᠤᠨ ᠬᠦᠨᠳᠦ ᠨᠢ 10 ᠺᠢᠯᠣᠭ᠍ᠷᠠᠮ ᠠᠴᠠ ᠳᠡᠭᠡᠭᠰᠢ ᠪᠠᠶᠢᠪᠠᠯ ᠨᠥᠬᠦᠪᠦᠷᠢ | ᠣᠯᠭᠤᠨ᠎ᠠ᠃ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠬᠤᠷᠠᠭ᠎ᠠ ᠬᠤᠳᠠᠯᠳᠤᠨ ᠠᠪᠴᠤ | ᠡᠳ᠋ᠰᠢᠭᠦᠯᠤᠨᠠ᠂ ᠬᠤᠳᠠᠯᠳᠤᠨ ᠠᠪᠬᠤ ᠦᠨ᠎ᠡ ᠬᠠᠩᠰᠢ ᠶᠢ ᠳᠤᠷ᠎ᠠ ᠪᠠᠷ ᠢᠶᠠᠨ ᠪᠠᠭᠤᠷᠠᠭᠤᠯᠵᠤ ᠪᠣᠯᠬᠤ ᠦᠭᠡᠢ᠂ ᠴᠠᠭ | ᠲᠤᠬᠠᠢ ᠳᠤᠨᠢ ᠬᠤᠳᠠᠯᠳᠤᠨ ᠠᠪᠴᠤ ᠠᠯᠠᠵᠤ ᠨᠢᠲᠤᠯᠵᠤ ᠡᠳ᠋ᠰᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠲᠤᠭᠳᠠᠭᠠᠭᠰᠠᠨ 30 ᠡᠳᠦᠷ ᠤᠨ ᠳᠤᠳᠤᠷ᠎ᠠ ᠬᠤᠷᠠᠭ᠎ᠠ ᠪᠠᠨ ᠬᠤᠳᠠᠯᠳᠤᠪᠠᠯ ᠨᠥᠬᠦᠪᠦᠷᠢ ᠥᠭᠭᠦᠨ᠎ᠡ᠂ ᠪᠣᠳᠠᠲᠠᠢ | ᠨᠥᠬᠦᠪᠦᠷᠢ ᠶᠢᠨ ᠪᠠᠷᠢᠮᠵᠢᠶ᠎ᠠ ᠨᠢ ᠳᠣᠣᠷᠠᠬᠢ ᠮᠡᠲᠦ᠄ | ᠨᠢᠭᠡ ᠳᠤ᠂ 6 ᠰᠠᠷ᠎ᠠ ᠶᠢᠨ 16 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯᠠᠬᠢ | ᠬᠤᠭᠤᠴᠠᠭᠠᠨ ᠳᠤ ᠬᠤᠷᠠᠭ᠎ᠠ ᠪᠠᠨ ᠬᠤᠳᠠᠯᠳᠤᠪᠠᠯ᠂ ᠬᠤᠷᠠᠭ᠎ᠠ ᠶᠢᠨ ᠬᠡᠩᠬᠦᠳᠡᠭ ᠤᠨ ᠺᠢᠯᠣᠭ᠍ᠷᠠᠮ ᠪᠦᠷᠢ ᠳᠤ10.5 | ᠲᠥᠭᠦᠷᠢᠭ ᠤᠨ ᠨᠥᠬᠦᠪᠦᠷᠢ ᠥᠭᠭᠦᠨ᠎ᠡ᠂ ᠡᠭᠦᠨ ᠳᠤ ᠮᠠᠯᠴᠢᠨ ᠡᠷᠦᠬᠡ ᠳᠤ 10 ᠲᠥᠭᠦᠷᠢᠭ ᠤᠨ ᠨᠥᠬᠦᠪᠦᠷᠢ | ᠥᠭᠴᠦ᠂ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠳᠤ 0.5 ᠲᠥᠭᠦᠷᠢᠭ ᠤᠨ ᠱᠠᠩᠨᠠᠯ ᠤᠨ ᠮᠦᠩᠬᠦ | ᠣᠯᠭᠤᠨ᠎ᠠ᠃ ᠬᠤᠶᠠᠷ ᠲᠤ᠂ 7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 15 ᠤ ᠡᠳᠦᠷ ᠪᠣᠯᠲᠠᠯᠠᠬᠢ | ᠬᠤᠭᠤᠴᠠᠭᠠᠨ ᠳᠤ ᠬᠤᠷᠠᠭ᠎ᠠ ᠪᠠᠨ ᠬᠤᠳᠠᠯᠳᠤᠪᠠᠯ᠂ ᠬᠤᠷᠠᠭ᠎ᠠ ᠶᠢᠨ ᠬᠡᠩᠬᠦᠳᠡᠭ ᠤᠨ ᠺᠢᠯᠣᠭ᠍ᠷᠠᠮ ᠪᠦᠷᠢ ᠳᠤ 5.5 | ᠲᠥᠭᠦᠷᠢᠭ ᠨᠥᠬᠦᠪᠦᠷᠢᠯᠡᠨ᠎ᠡ᠂ ᠡᠭᠦᠨ ᠳᠤ ᠮᠠᠯᠴᠢᠨ ᠡᠷᠦᠬᠡ ᠳᠤ 5 ᠲᠥᠭᠦᠷᠢᠭ ᠨᠥᠬᠦᠪᠦᠷᠢᠯᠡᠵᠦ᠂ ᠠᠯᠠᠵᠤ ᠨᠢᠲᠤᠯᠵᠤ | ᠡᠳ᠋ᠰᠢᠭᠦᠯᠬᠦ ᠠᠵᠤ ᠠᠬᠤᠶᠢᠯᠠᠯ ᠢ 0.5 ᠲᠥᠭᠦᠷᠢᠭ ᠢᠶᠠᠷ ᠱᠠᠩᠨᠠᠨ᠎ᠠ᠃ | ᠭᠤᠷᠪᠠ᠂ ᠨᠥᠬᠦᠪᠦᠷᠢ ᠥᠭᠬᠦ ᠱᠠᠭᠠᠷᠳᠠᠯᠭ᠎ᠠ | ︵ᠨᠢᠭᠡ︶ ᠵᠥᠪᠬᠡᠨ ᠬᠤᠷᠠᠭ᠎ᠠ ᠪᠠᠨ ᠡᠷᠲᠡ ᠪᠣᠷᠣᠯᠠᠭᠤᠯᠬᠤ ᠭᠡᠷ᠎ᠡ ᠲᠣᠭᠲᠠᠭᠰᠠᠨ ᠮᠠᠯᠵᠢᠬᠤ ᠡᠷᠦᠬᠡ ᠳᠤ | ᠨᠦᠬᠦᠪᠦᠷᠢ ᠣᠯᠭᠤᠨ᠎ᠠ᠃ | ︵ᠬᠤᠶᠠᠷ︶ ᠭᠡᠷ᠎ᠡ ᠲᠣᠭᠲᠠᠭᠰᠠᠨ ᠮᠠᠯᠵᠢᠬᠤ ᠡᠷᠦᠬᠡ ᠲᠣᠭᠲᠠᠭᠰᠠᠨ ᠬᠤᠭᠤᠴᠠᠭᠠᠨ ᠳᠣᠲᠣᠷ᠎ᠠ ︵ᠳᠠᠷᠤᠢ | 2024 ᠣᠨ ᠤ 7 ᠰᠠᠷ᠎ᠠ ᠶᠢᠨ 15 ᠤ ᠡᠳᠦᠷ ᠠᠴᠠ ᠡᠮᠦᠨ᠎ᠡ︶ ᠲᠣᠭᠲᠠᠭᠰᠠᠨ ᠡᠳ᠋ᠰᠢᠭᠦᠯᠬᠦ ᠠᠵᠤ ᠠᠬᠤᠶᠢᠯᠠᠯ | ᠪᠤᠶᠤ ᠠᠮᠢᠳᠤ ᠮᠠᠯ ᠤᠨ ᠵᠠᠬ᠎ᠠ ᠳᠤ ᠬᠤᠷᠠᠭ᠎ᠠ ᠪᠠᠨ ᠬᠤᠳᠠᠯᠳᠤᠭᠰᠠᠨ ᠦᠭᠡᠢ᠂ ᠬᠤᠭᠤᠴᠠᠭ᠎ᠠ ᠭᠡᠳᠦᠷᠡᠭᠰᠡᠨ ᠪᠠᠶᠢᠪᠠᠯ | ᠨᠥᠬᠦᠪᠦᠷᠢ ᠥᠭᠬᠦ ᠦᠭᠡᠢ᠃ | ︵ᠭᠤᠷᠪᠠ︶ ᠬᠤᠳᠠᠯᠳᠤᠬᠤ ᠬᠤᠷᠠᠭ᠎ᠠ ᠨᠢ ᠡᠷᠬᠡᠪᠰᠢ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠠᠯᠪᠠᠨ ᠤ ᠮᠠᠯ ᠤᠨ ᠡᠮᠴᠢ ᠪᠠᠷ | ᠭᠠᠷᠤᠯᠲᠠ ᠶᠢᠨ ᠭᠠᠵᠠᠷ ᠤᠨ ᠬᠢᠵᠢᠭ ᠤᠨ ᠪᠠᠶᠢᠴᠠᠭᠠᠯᠲᠠ ᠶᠢᠨ ᠭᠡᠷᠡᠴᠢ ᠲᠠᠢ ᠪᠠᠶᠢᠬᠤ ᠬᠡᠷᠡᠭᠲᠡᠢ᠃ | ︵ᠳᠥᠷᠪᠡ︶ ᠠᠶᠢᠮᠠᠭ ᠤᠨ ᠱᠠᠲᠤᠨ ᠤ ︽ᠰᠢᠯᠢ ᠶᠢᠨ ᠭᠤᠣᠯ ᠬᠤᠨᠢ︾ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠵᠠᠬᠢᠶᠠᠯᠠᠭ᠎ᠠ ᠶᠢᠨ ᠬᠤᠨᠢᠨ ᠤ ᠢᠷᠡᠯᠲᠡ ᠶᠢ | ᠲᠣᠭᠲᠠᠭᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ︵ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠨᠠᠭᠠᠲᠤ | ᠵᠠᠬ᠎ᠠ ᠳᠠᠭᠠᠨ 1.5 ᠲᠥᠭᠦᠷᠢᠭ ᠠᠴᠠ ᠥᠨᠳᠥᠷ︶ ᠶᠢ ᠭᠥᠷᠳᠡᠵᠦ ᠪᠦᠬᠦᠢ ᠲᠡᠵᠢᠭᠡᠨ ᠦᠷᠡᠵᠢᠭᠦᠯᠬᠦ ᠡᠷᠦᠬᠡ ᠳᠤ | ᠵᠥᠷᠢᠶᠡᠲᠦ ᠲᠣᠭᠠᠨ ᠤ ᠨᠥᠬᠦᠪᠦᠷᠢ ᠥᠭᠴᠦ᠂ ᠠᠶᠢᠮᠠᠭ᠂ ᠬᠤᠰᠢᠭᠤ ᠬᠤᠶᠠᠷ ᠱᠠᠲᠤᠨ ᠤ ᠲᠥᠷᠥ ᠶᠢᠨ | ᠪᠣᠳᠣᠯᠭ᠎ᠠ ᠶᠢᠨ ᠶᠡᠷᠦᠩᠬᠡᠢ ᠨᠥᠬᠦᠪᠦᠷᠢ ᠶᠢᠨ ᠲᠤᠭ᠎ᠠ ᠬᠡᠮᠵᠢᠶ᠎ᠡ ᠶᠢ ᠺᠢᠯᠤᠭ᠍ᠷᠠᠮ ᠪᠦᠷᠢ 10 ᠲᠥᠭᠦᠷᠢᠭ ᠠᠴᠠ ᠥᠨᠳᠥᠷ | ᠪᠠᠶᠢᠯᠭᠠᠬᠤ ᠦᠭᠡᠢ᠃ | ᠳᠥᠷᠪᠡ᠂ ᠭᠡᠷ᠎ᠡ ᠲᠣᠭᠲᠠᠭᠠᠬᠤ ᠠᠷᠭ᠎ᠠ ᠵᠢᠴᠢ ᠶᠠᠪᠤᠴᠠ | ︵ᠨᠢᠭᠡ︶ ᠦᠵᠦᠮᠦᠴᠢᠨ ᠬᠤᠨᠢᠨ ᠤ ᠨᠡᠶᠢᠭᠡᠮᠯᠢᠭ ᠨᠢ ᠰᠤᠮᠤ ᠪᠠᠯᠭᠠᠰᠤ᠂ ᠭᠠᠴᠠᠭ᠎ᠠ ᠲᠠᠢ ᠬᠠᠮᠳᠤᠷᠠᠨ | ᠬᠤᠷᠠᠭ᠎ᠠ ᠪᠠᠨ ᠤᠷᠢᠳᠴᠢᠯᠠᠨ ᠬᠤᠳᠠᠯᠳᠤᠬᠤ ᠰᠠᠨᠠᠭ᠎ᠠ ᠲᠠᠢ ᠮᠠᠯᠵᠢᠬᠤ ᠡᠷᠦᠬᠡ ᠶᠢ ᠪᠦᠷᠢᠳᠬᠡᠵᠦ᠂ ᠮᠠᠯᠵᠢᠬᠤ | ᠡᠷᠦᠬᠡ ᠶᠢᠨ 2023 ᠣᠨ ᠤ ᠮᠠᠯ ᠤᠨ ᠰᠠᠭᠤᠷᠢ ᠡᠮ᠎ᠡ ᠬᠤᠨᠢᠨ ᠤ ᠲᠤᠭ᠎ᠠ ᠪᠠᠷ ᠬᠤᠷᠠᠭ᠎ᠠ ᠪᠠᠨ ᠡᠷᠲᠡ | ᠪᠤᠷᠤᠯᠠᠭᠤᠯᠬᠤ ᠲᠤᠭ᠎ᠠ ᠶᠢ ᠲᠣᠭᠲᠠᠭᠠᠵᠤ᠂ ᠬᠤᠷᠠᠭ᠎ᠠ ᠪᠠᠨ ᠡᠷᠲᠡ ᠪᠤᠷᠤᠯᠠᠭᠤᠯᠬᠤ ᠵᠠᠬᠢᠶᠠᠯᠠᠭ᠎ᠠ ᠶᠢᠨ ᠭᠡᠷ᠎ᠡ ᠲᠣᠭᠲᠠᠨ᠎ᠠ | ᠃ | ︵ᠬᠤᠶᠠᠷ︶ ᠡᠯ᠎ᠡ ᠰᠤᠮᠤ ᠪᠠᠯᠭᠠᠰᠤ ᠨᠢ ᠭᠤᠷᠪᠠᠳᠠᠭᠢ ᠡᠲᠡᠭᠡᠳ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠨᠢᠭᠡᠴᠡ ᠲᠠᠢ ᠵᠠᠬᠢᠶᠠᠯᠠᠭ᠎ᠠ ᠶᠢᠨ ᠬᠤᠷᠠᠭ᠎ᠠ ᠳᠤ ᠬᠢᠵᠢᠭ ᠤᠨ ᠪᠠᠶᠢᠴᠠᠭᠠᠯᠳᠠ ᠶᠢᠨ ᠠᠵᠢᠯ ᠥᠷᠨᠢᠭᠦᠯᠬᠦ ᠶᠢ | ᠬᠠᠷᠢᠭᠤᠴᠠᠬᠤ ᠶᠢᠨ ᠬᠠᠮᠲᠤ᠂ ᠬᠢᠵᠢᠭ ᠤᠨ ᠪᠠᠶᠢᠴᠠᠭᠠᠯᠳᠠ ᠶᠢᠨ ᠴᠢᠬᠢᠨ ᠲᠡᠮᠳᠡᠭ ᠵᠡᠭᠦᠯᠭᠡᠬᠦ ᠪᠠ ᠪᠦᠷᠢᠳᠬᠡᠨ | ᠳᠠᠩᠰᠠᠯᠠᠭᠤᠯᠬᠤ ᠠᠵᠢᠯ ᠢ ᠬᠠᠷᠢᠭᠤᠴᠠᠨ ᠬᠢᠨ᠎ᠡ᠃ | ︵ᠭᠤᠷᠪᠠ︶ ᠦᠵᠦᠮᠦᠴᠢᠨ ᠬᠤᠨᠢᠨ ᠤ ᠨᠡᠶᠢᠭᠡᠮᠯᠢᠭ ᠨᠢ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠲᠠᠢ | ᠨᠢᠲᠤᠯᠵᠤ ᠡᠳ᠋ᠰᠢᠭᠦᠯᠬᠦ ᠭᠡᠷ᠎ᠡ ᠲᠣᠭᠲᠠᠵᠤ᠂ ᠬᠤᠷᠠᠭ᠎ᠠ ᠶᠢ ᠡᠮᠬᠢ ᠵᠢᠷᠤᠮ ᠲᠠᠢ ᠠᠯᠠᠵᠦ ᠨᠢᠲᠤᠯᠬᠤ ᠶᠢ ᠲᠤᠭᠲᠠᠭᠠᠵᠤ᠂ | ᠬᠤᠷᠠᠭᠠᠨ ᠤ ᠶᠠᠰᠤ ᠴᠢᠨᠠᠷ ᠢ ᠪᠠᠲᠤᠯᠠᠨ᠂ ᠠᠵᠤ ᠠᠬᠤᠶᠢᠯᠠᠯ ᠤᠨ ᠡᠳᠦᠷ ᠤᠨ ᠡᠳ᠋ᠰᠢᠭᠦᠯᠬᠦ ᠬᠡᠮᠵᠢᠶ᠎ᠡ ᠵᠢᠴᠢ ᠮᠠᠯᠴᠢᠨ | ᠡᠷᠦᠬᠡ ᠶᠢᠨ ᠬᠤᠷᠠᠭ᠎ᠠ ᠶᠢ ᠴᠠᠭ ᠲᠤᠬᠠᠢ ᠳᠤᠨᠢ ᠨᠢᠲᠤᠯᠬᠤ ᠶᠢ ᠦᠨᠡᠨᠬᠦ ᠪᠠᠲᠤᠯᠠᠨ᠎ᠠ᠃ | ︵ᠳᠥᠷᠪᠡ︶ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ | ᠠᠯᠪᠠᠨ ᠤ ᠮᠠᠯ ᠤᠨ ᠡᠮᠴᠢ ᠠᠴᠠ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠦᠭᠰᠡᠨ | ᠬᠤᠷᠠᠭ᠎ᠠ ᠢᠰᠢᠭᠡᠨ ᠤ ᠡᠭᠡᠯᠢᠯᠡᠭᠡ ᠶᠢᠨ ᠪᠠᠶᠢᠳᠠᠯ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠬᠢᠵᠢᠭ ᠤᠨ | ᠪᠠᠶᠢᠴᠠᠭᠠᠯᠳᠠ ᠶᠢᠨ ᠲᠠᠩᠰᠠ ᠡᠪᠬᠡᠮᠡᠯ ᠪᠠ ᠡᠭᠡᠯᠢᠯᠡᠭᠡ ᠶᠢᠨ ᠲᠡᠮᠳᠡᠭ ᠢ ᠪᠠᠶᠢᠴᠠᠭᠠᠵᠤ᠂ ︽ᠬᠠᠷ᠎ᠠ ᠮᠢᠬᠠᠯᠠᠭᠤᠯᠬᠤ | ᠬᠠᠨᠳᠠ︾ ᠶᠢᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠬᠢᠷᠢ ᠲᠡᠩᠴᠡᠭᠰᠡᠨ ᠳᠤᠨᠢ ᠭᠠᠷᠤᠯᠲᠠ ᠶᠢᠨ ᠣᠷᠣᠨ ᠤ | ᠬᠢᠵᠢᠭ ᠤᠨ ᠪᠠᠶᠢᠴᠠᠭᠠᠯᠲᠠ ᠶᠢᠨ ᠭᠡᠷᠡᠴᠢ ᠬᠢᠵᠦ ᠥᠭᠬᠦ ᠬᠡᠷᠡᠭᠲᠡᠢ᠃ | ︵ᠲᠠᠪᠤ︶ ᠦᠵᠦᠮᠦᠴᠢᠨ ᠬᠤᠨᠢᠨ ᠤ ᠨᠡᠶᠢᠭᠡᠮᠯᠢᠭ ᠠᠴᠠ ᠬᠤᠷᠠᠭ᠎ᠠ ᠡᠳ᠋ᠰᠢᠭᠦᠯᠬᠦ ᠠᠵᠤ ᠠᠬᠤᠶᠢᠯᠠᠯ ᠳᠤ | ᠠᠵᠢᠯᠲᠠᠨ ᠲᠣᠮᠢᠯᠠᠨ ᠰᠠᠭᠤᠯᠭᠠᠵᠤ᠂ ᠬᠤᠷᠠᠭ᠎ᠠ ᠡᠳ᠋ᠰᠢᠭᠦᠯᠬᠦ ᠪᠠᠶᠢᠳᠠᠯ ᠢ ᠳᠡᠩᠰᠡᠯᠡᠨ ᠲᠡᠮᠳᠡᠭᠯᠡᠵᠦ᠂ ᠵᠣᠬᠢᠶᠠᠨ | ᠪᠠᠶᠢᠭᠤᠯᠵᠤ ᠬᠦᠷᠭᠡᠬᠦ ᠵᠢᠴᠢ ᠠᠵᠤ ᠠᠬᠤᠶᠢᠯᠠᠯ ᠤᠨ ᠡᠳ᠋ᠰᠢᠭᠦᠯᠦᠭᠰᠡᠨ ᠪᠠᠶᠢᠳᠠᠯ ᠢ ᠬᠦᠰᠦᠨᠦᠭᠲᠦ ᠶᠢᠨ ᠬᠡᠯᠪᠡᠷᠢ ᠪᠠᠷ | ᠡᠳᠦᠷ ᠪᠦᠷᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ᠃ | ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠵᠢᠭᠠᠨ ᠲᠣᠭᠲᠠᠭᠠᠭᠰᠠᠨ | ᠡᠳ᠋ᠰᠢᠭᠦᠯᠬᠦ ᠠᠵᠤ ᠠᠬᠤᠶᠢᠯᠠᠯ ᠲᠠᠢ ᠡᠷᠲᠡ ᠪᠤᠷᠤᠯᠠᠭᠤᠯᠵᠦ ᠨᠢᠲᠤᠯᠵᠤ ᠡᠳ᠋ᠰᠢᠭᠦᠯᠬᠦ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠥᠰᠥᠭ ᠵᠢᠷᠤᠨ᠎ᠠ᠃ | ︵ᠳᠣᠯᠤᠭ᠎ᠠ︶ ᠰᠤᠮᠤ ᠪᠠᠯᠭᠠᠰᠤᠨ ᠤ ᠵᠠᠰᠠᠭ ᠤᠨ ᠣᠷᠳᠣᠨ ᠨᠢ ᠭᠠᠴᠠᠭᠠᠨ ᠤ ︽ᠡᠭᠦᠷ ᠵᠥᠪᠯᠡᠯ︾᠂ | ᠦᠵᠦᠮᠦᠴᠢᠨ ᠬᠤᠨᠢᠨ ᠤ ᠨᠡᠶᠢᠭᠡᠮᠯᠢᠭ ᠢ ᠵᠣᠬᠢᠶᠠᠨ ᠪᠠᠶᠢᠭᠤᠯᠵᠤ᠂ 2024 ᠣᠨ ᠤ 4 ᠰᠠᠷ᠎ᠠ ᠶᠢᠨ 20 ᠤ | ᠡᠳᠦᠷ ᠠᠴᠠ 5 ᠰᠠᠷ᠎ᠠ ᠶᠢᠨ 10 ᠤ ᠡᠳᠦᠷ ᠪᠣᠯᠲᠠᠯᠠᠬᠢ ᠬᠤᠭᠤᠴᠠᠭᠠᠨ ᠳᠤ ᠮᠠᠯᠵᠢᠬᠤ ᠡᠷᠦᠬᠡ ᠲᠠᠢ ᠬᠤᠷᠠᠭ᠎ᠠ | ᠪᠣᠷᠣᠯᠠᠭᠤᠯᠬᠤ ᠭᠡᠷ᠎ᠡ ᠲᠣᠭᠲᠠᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠲᠣᠭᠲᠠᠭᠰᠠᠨ ᠭᠡᠷ᠎ᠡ ᠪᠠᠨ ᠡᠮᠬᠢᠯᠡᠨ | ᠬᠤᠷᠢᠶᠠᠩᠭᠤᠶᠢᠯᠠᠵᠤ᠂ ᠰᠤᠮᠤ ᠪᠠᠯᠭᠠᠰᠤ ᠠᠴᠠ ᠲᠠᠩᠰᠠ ᠡᠪᠬᠡᠮᠡᠯ ᠤᠨ ᠮᠠᠲ᠋ᠧᠷᠢᠶᠠᠯ ᠪᠠᠶᠢᠭᠤᠯᠬᠤ᠂ ᠡᠮᠬᠢᠯᠡᠬᠦ᠂ | ᠬᠤᠷᠢᠶᠠᠩᠭᠤᠶᠢᠯᠠᠬᠤ ᠪᠠ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ 5 ᠰᠠᠷ᠎ᠠ ᠶᠢᠨ 20 ᠤ ᠡᠳᠦᠷ ᠠᠴᠠ | ᠡᠮᠦᠨ᠎ᠡ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ | ︵ᠨᠠᠢᠮᠠ︶ ᠡᠷᠲᠡ ᠶᠢᠨ ᠬᠤᠷᠠᠭ᠎ᠠ ᠡᠳ᠋ᠰᠢᠭᠦᠯᠬᠦ ᠳᠤ ᠵᠢᠭᠠᠨ ᠲᠣᠭᠲᠠᠭᠠᠭᠰᠠᠨ ᠠᠵᠤ ᠠᠬᠤᠶᠢᠯᠠᠯ ᠤᠨ | ᠡᠵᠡᠩᠨᠡᠯᠲᠡ ᠶᠢᠨ ᠠᠵᠢᠯᠯᠠᠭ᠎ᠠ ᠨᠢ ᠡᠷᠬᠡᠪᠰᠢ ᠬᠠᠤᠯᠢ ᠶᠣᠰᠣᠨ ᠤ᠂ ᠲᠣᠭᠲᠠᠭᠠᠯ ᠳᠤ ᠨᠡᠶᠢᠴᠡᠭᠰᠡᠨ ᠪᠠᠶᠢᠵᠤ᠂ ᠠᠵᠢᠯ | ᠡᠬᠢᠯᠡᠭᠦᠯᠦᠨ ᠬᠤᠳᠠᠯᠳᠤᠨ ᠠᠪᠬᠤ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ 6 ᠰᠠᠷ᠎ᠠ ᠶᠢᠨ 16 ᠤ | ᠡᠳᠦᠷ ᠠᠴᠠ 7 ᠰᠠᠷ᠎ᠠ ᠶᠢᠨ 15 ᠤ ᠡᠳᠦᠷ ᠪᠣᠯᠲᠠᠯᠠᠬᠢ ᠬᠤᠭᠤᠴᠠᠭᠠᠨ ᠳᠤ ᠠᠯᠠᠵᠤ ᠨᠢᠲᠤᠯᠵᠤ ᠡᠳ᠋ᠰᠢᠭᠦᠯᠬᠦ ᠠᠵᠤ | ᠠᠬᠤᠶᠢᠯᠠᠯ ᠨᠢᠭᠡᠪᠦᠷᠢ ᠡᠮᠬᠢ ᠵᠢᠷᠤᠮ ᠲᠠᠢ ᠡᠳ᠋ᠰᠢᠭᠦᠯᠵᠦ᠂ ᠬᠤᠷᠠᠭ᠎ᠠ ᠬᠤᠳᠠᠯᠳᠤᠨ ᠠᠪᠤᠭᠰᠠᠨ ᠵᠣᠭᠤᠰ ᠢᠶᠠᠨ ᠲᠣᠰ | ᠡᠳᠦᠷ ᠲᠤ ᠨᠢ ᠳ᠋ᠦᠩᠨᠡᠨ ᠪᠤᠳᠤᠵᠦ ᠥᠭᠬᠦ ᠬᠡᠷᠡᠭᠲᠡᠢ᠂ ᠤᠳᠠᠭᠠᠰᠢᠷᠠᠭᠤᠯᠵᠤ ᠪᠣᠯᠬᠤ ᠦᠭᠡᠢ᠃ | ᠲᠠᠪᠤ᠂ ᠨᠥᠬᠦᠪᠦᠷᠢ ᠣᠯᠭᠤᠬᠤ ᠠᠷᠭ᠎ᠠ ᠮᠠᠶ᠋ᠢᠭ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠨᠥᠬᠦᠪᠦᠷᠢ ᠶᠢᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠵᠤ᠂ ᠰᠤᠮᠤ ᠪᠠᠯᠭᠠᠰᠤ | ᠨᠢ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠬᠦ ᠬᠡᠷᠡᠭᠲᠡᠢ᠃ ᠨᠢᠭᠡ ᠳᠤ᠂ ᠠᠮᠢᠳᠤ | ᠮᠠᠯ ᠤᠨ ᠭᠠᠷᠭᠠᠯᠲᠠ᠃ ᠰᠤᠮᠤ ᠪᠠᠯᠭᠠᠰᠤ ᠨᠢ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠠᠮᠢᠳᠤ ᠮᠠᠯ ᠤᠨ ᠭᠠᠷᠭᠠᠯᠲᠠ ᠶᠢᠨ ᠪᠠᠶᠢᠳᠠᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠠᠷᠢᠶᠠᠯᠠᠩ | ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠤᠮᠤ | ᠪᠠᠯᠭᠠᠰᠤ ᠳᠤ ᠨᠥᠬᠦᠪᠦᠷᠢ ᠶᠢᠨ ᠪᠡᠯᠡ ᠮᠥᠩᠭᠦ ᠪᠠᠭᠤᠯᠭᠠᠨ ᠥᠭᠴᠦ᠂ ᠰᠤᠮᠤ ᠪᠠᠯᠭᠠᠰᠤ ᠨᠢ ︽ᠪᠦᠬᠦᠨ ᠳᠤ | ᠲᠣᠬᠢᠷᠠᠬᠤ ᠺᠠᠷᠲ︾ ᠢᠶᠠᠷ ᠳᠠᠮᠵᠢᠭᠤᠯᠤᠨ ᠨᠥᠬᠦᠪᠦᠷᠢ ᠶᠢᠨ ᠪᠡᠯᠡ ᠮᠥᠩᠭᠦ ᠶᠢ ᠮᠠᠯᠵᠢᠬᠤ ᠡᠷᠦᠬᠡ ᠳᠤ ᠥᠭᠬᠦ ᠬᠡᠷᠡᠭᠲᠡᠢ | ᠃ ᠬᠤᠶᠠᠷ ᠲᠤ᠂ ᠨᠢᠲᠤᠯᠵᠤ ᠡᠳ᠋ᠰᠢᠭᠦᠯᠦᠨ ᠭᠠᠷᠭᠠᠬᠤ᠃ ᠰᠤᠮᠤ ᠪᠠᠯᠭᠠᠰᠤ ᠨᠢ ᠠᠵᠤ ᠠᠬᠤᠶᠢᠯᠠᠯ ᠤᠨ ᠮᠠᠯᠵᠢᠬᠤ | ᠡᠷᠦᠬᠡ ᠲᠠᠢ ᠲᠣᠭᠲᠠᠭᠰᠠᠨ ᠪᠣᠷᠣᠯᠠᠭᠤᠯᠬᠤ ᠭᠡᠷ᠎ᠡ ᠵᠢᠴᠢ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠶᠢ ᠨᠢ | ᠦᠨᠳᠦᠰᠦᠯᠡᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠤᠷᠢᠶᠠᠩᠭᠤᠶᠢᠯᠠᠨ ᠮᠡᠳᠡᠭᠦᠯᠵᠦ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠪᠡᠯᠡ ᠮᠥᠩᠭᠦ ᠶᠢ ᠰᠤᠮᠤ ᠪᠠᠯᠭᠠᠰᠤᠨ ᠳᠤ ᠪᠠᠭᠤᠯᠭᠠᠨ ᠥᠭᠴᠦ᠂ ᠰᠤᠮᠤ ᠪᠠᠯᠭᠠᠰᠤ ᠨᠢ ︽ | ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠨᠥᠬᠦᠪᠦᠷᠢ ᠶᠢᠨ ᠪᠡᠯᠡ ᠮᠥᠩᠭᠦ ᠶᠢ ᠮᠠᠯᠵᠢᠬᠤ ᠡᠷᠦᠬᠡ ᠳᠤ | ᠥᠭᠬᠦ ᠬᠡᠷᠡᠭᠲᠡᠢ᠃ ᠭᠤᠷᠪᠠ ᠳᠤ᠂ ᠬᠤᠷᠠᠭ᠎ᠠ ᠢᠰᠢᠭᠡᠨ ᠤ ᠡᠷᠲᠡ ᠪᠣᠷᠣᠯᠠᠭᠤᠯᠬᠤ ᠵᠠᠬᠢᠶᠠᠯᠠᠭ᠎ᠠ ᠶᠢᠨ ᠭᠡᠷ᠎ᠡ ᠪᠣᠯᠣᠨ | ᠵᠣᠭᠤᠰ ᠲᠤᠰᠢᠶᠠᠬᠤ ᠪᠠᠷᠢᠮᠲᠠ ᠶᠢ ᠦᠨᠳᠦᠰᠦᠯᠡᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠱᠠᠩᠨᠠᠯ ᠤᠨ ᠪᠡᠯᠡ | ᠮᠥᠩᠭᠦ ᠶᠢ ᠠᠵᠤ ᠠᠬᠤᠶᠢᠯᠠᠯ ᠳᠤ ᠰᠢᠯᠵᠢᠭᠦᠯᠦᠨ ᠥᠭᠭᠦᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ | ᠰᠠᠯᠠᠭ᠎ᠠ ᠮᠥᠴᠢᠷ ᠵᠢᠴᠢ ᠰᠤᠮᠤ ᠪᠠᠯᠭᠠᠰᠤ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠶᠢᠨ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥ ᠶᠢᠨ | ᠪᠣᠳᠣᠯᠭ᠎ᠠ ᠶᠢᠨ ᠰᠤᠳᠤᠯᠭᠠᠨ ᠪᠠ ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠬᠦᠴᠢᠷᠳᠡᠯ ᠪᠠ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠵᠣᠬᠢᠴᠠᠭᠤᠯᠤᠨ ᠠᠬᠢᠭᠤᠯᠬᠤ | ᠬᠡᠷᠡᠭᠲᠡᠢ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠲᠦᠷᠦᠭᠦᠯᠡᠨ ᠬᠤᠷᠠᠭ᠎ᠠ ᠢᠰᠢᠭᠡ ᠶᠢ ᠡᠷᠲᠡ ᠭᠠᠷᠭᠠᠬᠤ ᠠᠵᠢᠯ ᠢ | ᠠᠬᠢᠭᠤᠯᠵᠤ᠂ ᠲᠥᠰᠥᠯ ᠲᠣᠭᠲᠠᠭᠠᠬᠤ᠂ ᠶᠡᠷᠦᠩᠬᠡᠶᠢᠯᠡᠨ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ ᠵᠡᠷᠭᠡ | ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠷᠠᠭ᠎ᠠ ᠢᠰᠢᠭᠡ ᠶᠢ ᠡᠷᠲᠡ ᠭᠠᠷᠭᠠᠬᠤ | ᠠᠵᠢᠯ ᠤᠨ ᠨᠥᠬᠦᠪᠦᠷᠢ ᠶᠢᠨ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠠᠬᠢᠭᠤᠯᠬᠤ ᠶᠢ ᠬᠠᠷᠢᠭᠤᠴᠠᠬᠤ ᠶᠢᠨ | ᠬᠠᠮᠲᠤ ᠴᠠᠭ ᠲᠤᠬᠠᠢ ᠳᠤᠨᠢ ᠪᠡᠯᠡ ᠮᠥᠩᠭᠦ ᠪᠠᠭᠤᠯᠭᠠᠨ ᠥᠭᠴᠦ᠂ ᠨᠥᠬᠦᠪᠦᠷᠢ ᠶᠢᠨ ᠪᠡᠯᠡ ᠮᠥᠩᠭᠦ ᠶᠢ ᠭᠦᠢᠴᠡᠳ | ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠬᠤᠷᠠᠭ᠎ᠠ ᠢᠰᠢᠭᠡ ᠶᠢ ᠡᠷᠲᠡ ᠭᠠᠷᠭᠠᠬᠤ ᠠᠵᠢᠯ ᠤᠨ | ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ | ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠷᠠᠭ᠎ᠠ | ᠢᠰᠢᠭᠡ ᠶᠢ ᠡᠷᠲᠡ ᠭᠠᠷᠭᠠᠬᠤ ᠶᠢ ᠠᠬᠢᠭᠤᠯᠬᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠬᠠᠷᠢᠭᠤᠴᠠᠨ | ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠪᠣᠳᠠᠲᠠᠢ | ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠡᠷᠡᠭᠵᠢᠭᠦᠯᠬᠦ ᠲᠥᠰᠥᠯ ᠢᠶᠠᠨ ᠨᠠᠷᠢᠯᠢᠭᠵᠢᠭᠤᠯᠬᠤ ᠬᠡᠷᠡᠭᠲᠡᠢ᠃ ᠬᠤᠨᠢᠨ ᠤ | ᠢᠷᠡᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠡᠯ᠎ᠡ ᠲᠥᠷᠥᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠳᠬᠡᠨ ᠬᠤᠷᠢᠶᠠᠩᠭᠤᠶᠢᠯᠠᠬᠤ ᠵᠢᠴᠢ | ᠪᠦᠷᠢᠳᠬᠡᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠨᠥᠬᠦᠪᠦᠷᠢ ᠶᠢᠨ ᠪᠡᠯᠡ ᠮᠥᠩᠭᠦ ᠶᠢ ᠴᠢᠩᠭ᠎ᠠ | ᠨᠠᠶᠢᠳᠠᠪᠤᠷᠢᠵᠢᠭᠤᠯᠤᠨ᠂ ᠶᠠᠪᠤᠴᠠ ᠶᠢᠨ ᠬᠢᠨᠠᠨ ᠵᠢᠯᠤᠭᠤᠳᠬᠤ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠨᠥᠬᠦᠪᠦᠷᠢ ᠶᠢᠨ ᠪᠡᠯᠡ ᠮᠥᠩᠭᠦ ᠶᠢ ᠮᠡᠬᠡᠯᠡᠨ ᠠᠪᠬᠤ᠂ | ᠤᠯᠤᠰ ᠠᠴᠠ ᠴᠠᠭᠠᠵᠠᠯᠠᠭᠰᠠᠨ ᠮᠠᠯ ᠤᠨ ᠡᠮ ᠪᠣᠯᠣᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠶᠢ ᠬᠡᠷᠡᠭᠯᠡᠬᠦ ᠵᠡᠷᠭᠡ | ᠬᠠᠤᠯᠢ ᠪᠤᠰᠤ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠨᠢ ᠠᠯᠪᠠᠨ ᠤ ᠮᠠᠯ ᠤᠨ ᠡᠮᠴᠢ ᠶᠢ ᠲᠣᠮᠢᠯᠠᠨ ᠰᠠᠭᠤᠯᠭᠠᠵᠤ ᠠᠵᠤ | ᠠᠬᠤᠶᠢᠯᠠᠯ ᠤᠨ ᠬᠤᠳᠠᠯᠳᠤᠨ ᠠᠪᠤᠭᠰᠠᠨ ᠬᠤᠷᠠᠭ᠎ᠠ ᠳᠤ ᠲᠤᠬᠠᠢ ᠶᠢᠨ ᠲᠠᠯᠠᠪᠤᠷ ᠲᠤ ᠰᠠᠭᠤᠵᠤ ᠬᠢᠵᠢᠭ ᠤᠨ | ᠪᠠᠶᠢᠴᠠᠭᠠᠯᠲᠠ ᠬᠢᠯᠭᠡᠵᠦ᠂ ᠠᠵᠤ ᠠᠬᠤᠶᠢᠯᠠᠯ ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠳᠤ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ ᠮᠥᠩᠭᠦᠨ ᠭᠦᠢᠯᠭᠡᠭᠡᠨ ᠤ ᠠᠯᠪᠠᠨ ᠭᠡᠷ ᠠᠴᠠ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠳᠤ | ᠬᠠᠮᠢᠶ᠎ᠠ ᠪᠦᠬᠦᠢ ᠵᠢᠭᠡᠯᠡᠯᠭᠡ ᠶᠢ ᠭᠦᠢᠴᠡᠳᠬᠡᠬᠦ ᠠᠵᠢᠯ ᠢ ᠵᠣᠬᠢᠴᠠᠭᠤᠯᠵᠤ᠂ ᠠᠵᠤ ᠠᠬᠤᠶᠢᠯᠠᠯ ᠳᠤ ᠠᠵᠢᠯᠯᠠᠭᠠᠨ ᠤ | ᠪᠡᠯᠡ ᠮᠥᠩᠭᠦ ᠬᠠᠩᠭᠠᠬᠤ ᠶᠢ ᠬᠠᠷᠢᠭᠤᠴᠠᠨ᠎ᠠ᠃ ᠭᠠᠴᠠᠭᠠᠨ ᠤ ︽ᠡᠭᠦᠷ ᠵᠥᠪᠯᠡᠯ︾ ᠨᠢ ᠬᠠᠮᠢᠶ᠎ᠠ ᠪᠦᠬᠦᠢ ᠨᠢᠭᠡᠴᠡ ᠶᠢ | ᠬᠠᠮᠵᠢᠨ ᠮᠠᠯᠵᠢᠬᠤ ᠡᠷᠦᠬᠡ ᠶᠢᠨ ᠬᠤᠷᠠᠭ᠎ᠠ ᠶᠢ ᠡᠷᠲᠡ ᠭᠠᠷᠭᠠᠬᠤ ᠶᠢ ᠤᠬᠠᠭᠤᠯᠵᠤ ᠬᠥᠲᠥᠯᠥᠨ ᠵᠢᠯᠤᠭᠤᠳᠬᠤ | ᠠᠵᠢᠯ ᠢ ᠰᠠᠶᠢᠲᠤᠷ ᠬᠢᠵᠦ᠂ ᠰᠤᠮᠤ ᠪᠠᠯᠭᠠᠰᠤ ᠲᠠᠢ ᠬᠠᠮᠵᠢᠯᠴᠠᠨ ᠬᠤᠨᠢᠨ ᠤ ᠢᠷᠡᠯᠲᠡ ᠶᠢ ᠪᠦᠷᠢᠳᠬᠡᠬᠦ ᠵᠡᠷᠭᠡ ᠠᠵᠢᠯ ᠢ | ᠰᠠᠶᠢᠲᠤᠷ ᠬᠢᠵᠦ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠶᠢ ᠬᠠᠷᠢᠭᠤᠴᠠᠨ᠎ᠠ᠃ | ᠦᠵᠦᠮᠦᠴᠢᠨ ᠬᠤᠨᠢᠨ ᠤ ᠨᠡᠶᠢᠭᠡᠮᠯᠢᠭ ᠠᠴᠠ ᠮᠠᠯᠴᠢᠨ ᠡᠷᠦᠬᠡ ᠶᠢᠨ ᠲᠥᠯ ᠲᠣᠰᠴᠤ ᠪᠠᠶᠢᠭ᠎ᠠ ᠪᠠᠶᠢᠳᠠᠯ ᠤᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠰᠤᠮᠤ ᠪᠠᠯᠭᠠᠰᠤ᠂ ᠭᠠᠴᠠᠭᠠᠨ ᠤ ︽ᠡᠭᠦᠷ ᠵᠥᠪᠯᠡᠯ︾ ᠲᠠᠢ | ᠬᠠᠮᠲᠤᠷᠠᠨ ᠮᠠᠯᠴᠢᠨ ᠡᠷᠦᠬᠡ ᠲᠠᠢ ᠬᠤᠷᠠᠭ᠎ᠠ ᠪᠣᠷᠣᠯᠠᠭᠤᠯᠬᠤ ᠭᠡᠷ᠎ᠡ ᠲᠣᠭᠲᠠᠬᠤ ᠶᠢᠨ ᠬᠠᠮᠲᠤ ᠬᠠᠮᠢᠶ᠎ᠠ ᠪᠦᠬᠦᠢ | ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠶᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠧᠯᠸᠢᠰ᠂ ᠮᠡᠳᠡᠭᠡ | ᠵᠠᠩᠭᠢ ᠶᠢᠨ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠬᠤᠷᠠᠭ᠎ᠠ ᠢᠰᠢᠭᠡ ᠶᠢ ᠡᠷᠲᠡ | ᠭᠠᠷᠭᠠᠬᠤ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ ᠱᠠᠭᠠᠷᠳᠠᠯᠭ᠎ᠠ ᠶᠢ ᠶᠡᠬᠡᠪᠡᠷ ᠤᠬᠠᠭᠤᠯᠵᠤ᠂ | ᠮᠠᠯᠴᠢᠨ ᠲᠦᠮᠡᠨ ᠤ ᠮᠡᠳᠡᠬᠦ ᠬᠡᠪᠴᠢᠶ᠎ᠡ ᠶᠢ ᠥᠷᠭᠡᠳᠬᠡᠨ᠎ᠡ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠵᠢᠴᠢ ᠭᠠᠴᠠᠭᠠᠨ ᠤ ︽ᠡᠭᠦᠷ ᠵᠥᠪᠯᠡᠯ︾ ᠨᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ | ᠮᠠᠯᠴᠢᠳ ᠲᠤ ᠬᠤᠷᠠᠭ᠎ᠠ ᠢᠰᠢᠭᠡ ᠶᠢ ᠡᠷᠲᠡ ᠭᠠᠷᠭᠠᠬᠤ ᠲᠥᠷᠥ ᠶᠢᠨ ᠪᠣᠳᠣᠯᠭ᠎ᠠ ᠪᠣᠯ ᠨᠤᠲᠤᠭ ᠪᠡᠯᠴᠢᠭᠡᠷ ᠤᠨ | ᠳᠠᠭᠠᠭᠠᠴᠠ ᠠᠴᠠ ᠭᠡᠳᠦᠷᠡᠳᠡᠯ᠎ᠡ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠮᠥᠨ | ᠭᠡᠳᠡᠭ ᠢ ᠭᠦᠢᠴᠡᠳ ᠲᠠᠨᠢᠭᠤᠯᠵᠤ᠂ ᠡᠨᠡ ᠬᠦ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠮᠠᠯᠴᠢᠳ ᠤᠨ | ᠣᠷᠣᠯᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠃ | ︵ᠳᠥᠷᠪᠡ︶ ᠱᠠᠭᠠᠷᠳᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠬᠤᠷᠠᠭ᠎ᠠ ᠶᠢ ᠡᠷᠲᠡ ᠭᠠᠷᠭᠠᠬᠤ | ᠬᠤᠭᠤᠴᠠᠭᠠᠨ ᠳᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠤᠮᠤ ᠪᠠᠯᠭᠠᠰᠤᠨ ᠵᠠᠰᠠᠭ ᠤᠨ | ᠣᠷᠳᠣᠨ ᠵᠡᠷᠭᠡ ᠬᠠᠮᠢᠶ᠎ᠠ ᠪᠦᠬᠦᠢ ᠨᠢᠭᠡᠴᠡ ᠨᠦᠭᠦᠳ ᠨᠢ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠬᠤᠷᠠᠭ᠎ᠠ ᠶᠢ ᠵᠥᠭᠡᠭᠡᠪᠦᠷᠢᠯᠡᠬᠦ᠂ ᠠᠯᠠᠵᠤ ᠨᠢᠲᠤᠯᠵᠤ ᠡᠳ᠋ᠰᠢᠭᠦᠯᠬᠦ ᠵᠡᠷᠭᠡ ᠡᠯ᠎ᠡ ᠭᠤᠭᠴᠤᠭ᠎ᠠ ᠳᠤ ᠴᠢᠩᠭ᠎ᠠ | ᠪᠠᠶᠢᠴᠠᠭᠠᠯᠲᠠ ᠬᠢᠨ᠎ᠡ᠃ ᠬᠤᠷᠠᠭᠠᠨ ᠤ ᠭᠡᠷ᠎ᠡ ᠪᠠᠨ ᠬᠤᠰᠢᠭᠤᠨ ᠭᠠᠳᠠᠨᠠᠬᠢ ᠮᠠᠯᠴᠢᠨ ᠡᠷᠦᠬᠡ᠂ ᠬᠤᠪᠢ ᠶᠢᠨ | ᠬᠤᠳᠠᠯᠳᠤᠭᠠᠴᠢᠨ ᠳᠤ ᠵᠢᠭᠡᠯᠡᠨ ᠬᠡᠷᠡᠭᠯᠡᠭᠦᠯᠦᠭᠰᠡᠨ ᠠᠴᠠ ᠪᠣᠯᠵᠦ ᠬᠤᠰᠢᠭᠤᠨ ᠭᠠᠳᠠᠨᠠᠬᠢ ᠮᠠᠯ ᠤᠨ ᠡᠵᠡᠨ ᠮᠠᠨ ᠤ | ᠬᠤᠰᠢᠭᠤᠨ ᠤ ᠨᠥᠬᠦᠪᠦᠷᠢ ᠶᠢᠨ ᠪᠡᠯᠡ ᠮᠥᠩᠭᠦ ᠶᠢ ᠤᠬᠠᠭᠠᠯᠠᠨ ᠠᠪᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠬᠥᠮᠥᠰ ᠤᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ︵ᠲᠠᠪᠤ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠂ ᠲᠤᠰᠬᠠᠢ ᠲᠠᠩᠰᠠᠨ ᠡᠷᠥᠭᠡ ᠪᠠᠷ ᠬᠠᠮᠢᠶᠠᠷᠬᠤ᠂ ᠲᠤᠰᠬᠠᠢ ᠵᠣᠭᠤᠰ ᠢ ᠲᠤᠰᠬᠠᠢ ᠵᠦᠢᠯ ᠲᠤᠨᠢ | ᠬᠡᠷᠡᠭᠯᠡᠬᠦ ᠶᠢ ᠬᠡᠷᠡᠭᠵᠢᠭᠦᠯᠵᠦ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠨᠢ ᠨᠥᠬᠦᠪᠦᠷᠢ ᠶᠢᠨ ᠪᠡᠯᠡ ᠮᠥᠩᠭᠦ ᠶᠢ | ᠮᠡᠬᠡᠯᠡᠨ ᠠᠪᠬᠤ᠂ ᠰᠢᠬᠠᠨ ᠡᠵᠡᠯᠡᠬᠦ᠂ ᠳᠤᠮᠳᠠ ᠠᠴᠠ ᠨᠢ ᠲᠠᠰᠤᠳᠠᠨ ᠦᠯᠡᠳᠡᠭᠡᠬᠦ ᠪᠠ ᠨᠡᠭᠦᠯᠭᠡᠨ ᠬᠡᠷᠡᠭᠯᠡᠵᠦ ᠪᠣᠯᠬᠤ | ᠦᠭᠡᠢ᠃ ᠪᠠᠶᠢᠴᠠᠭᠠᠵᠤ ᠭᠠᠷᠭᠠᠭᠰᠠᠨ ᠤ ᠲᠠᠷᠠᠭ᠎ᠠ᠂ ᠨᠥᠬᠦᠪᠦᠷᠢ ᠶᠢᠨ ᠪᠡᠯᠡ ᠮᠥᠩᠭᠦ ᠶᠢ ᠪᠥᠬᠦᠨ ᠢ ᠬᠤᠷᠢᠶᠠᠨ | ᠠᠪᠴᠤ᠂ ᠬᠠᠮᠢᠶ᠎ᠠ ᠪᠦᠬᠦᠢ ᠬᠥᠮᠥᠰ ᠠᠴᠠ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠶᠢᠨ | ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ᠂ ᠭᠠᠴᠠᠭᠠᠨ ᠠᠴᠠ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠡᠬᠡᠮᠵᠢᠯᠡᠨ᠎ᠡ᠃ | ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠬᠢᠨᠠᠯᠲᠠ ᠶᠢ | ᠤᠯᠠᠮ ᠨᠢᠭᠡ ᠠᠯᠬᠤᠮ ᠴᠢᠩᠭᠠᠷᠠᠭᠤᠯᠤᠨ᠂ ᠨᠡᠶᠢᠭᠡᠮ ᠤᠨ ᠣᠯᠠᠨ ᠨᠡᠶᠢᠲᠡ ᠶᠢᠨ ᠬᠢᠨᠠᠯᠲᠠ ᠳᠤ ᠣᠷᠣᠯᠴᠠᠬᠤ ᠶᠢ | ᠵᠣᠷᠢᠭᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ | ᠨᠥᠬᠦᠪᠦᠷᠢ ᠶᠢ ᠮᠡᠬᠡᠯᠡᠨ ᠠᠪᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠨᠥᠬᠦᠪᠦᠷᠢ ᠶᠢ ᠮᠡᠬᠡᠯᠡᠨ ᠠᠪᠬᠤ ᠵᠡᠷᠭᠡ ᠦᠶᠯᠡ ᠠᠵᠢᠯᠯᠠᠭ᠎ᠠ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠴᠢᠩᠭ᠎ᠠ | ᠰᠢᠢᠳᠪᠦᠷᠢᠯᠡᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ | ᠰᠢᠢᠳᠪᠦᠷᠢᠯᠡᠭᠦᠯᠦᠨ᠎ᠡ᠃ ᠢᠯᠡᠴᠢᠯᠡᠨ ᠮᠡᠳᠡᠭᠦᠯᠦᠭᠰᠡᠳ ᠢ ᠬᠥᠬᠢᠭᠦᠯᠦᠨ ᠱᠠᠩᠨᠠᠨ᠎ᠠ᠃ | | | | | | | | |