ᠪᠠᠷᠠᠭᠤᠨ ᠦᠵᠦᠮᠦᠴᠢᠨ ᠬᠤᠰᠢᠭᠤ 2024 ᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/15
    ᠪᠠᠷᠠᠭᠤᠨ ᠦᠵᠦᠮᠦᠴᠢᠨ ᠬᠤᠰᠢᠭᠤᠨ ᠤ ᠭᠠᠮᠰᠢᠭ ᠢ ᠡᠰᠡᠷᠬᠦᠴᠡᠬᠦ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠠᠴᠠ ᠲᠠᠭᠠᠭᠠᠴᠢᠯᠠᠨ ᠡᠷᠭᠢᠯᠡᠭᠰᠡᠨ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠦᠵᠦᠮᠦᠴᠢᠨ ᠰᠣᠶᠣᠯ ᠤᠨ ᠠᠭᠤᠳᠠᠮ ᠲᠠᠯᠠᠪᠠᠶ ᠳᠤ ᠶᠠᠪᠤᠭᠳᠠᠯ᠎ᠠ᠃
       ᠠᠵᠢᠯᠯᠠᠭ᠎ᠠ ᠨᠢ ︽ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠨᠢᠭᠡ ᠨᠢᠭᠡ ᠪᠠᠷ ᠢᠶᠠᠨ ᠪᠠᠴᠢᠮ ᠪᠠᠶᠢᠳᠠᠯ ᠢ ᠠᠷᠭᠠᠴᠠᠨ᠎ᠠ ︱ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠶ᠎ᠡ︾ ᠭᠡᠬᠦ ᠭᠤᠤᠯ ᠰᠡᠳᠦᠪ ᠤᠨ ᠲᠣᠭᠤᠷᠢᠨ ᠳᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠠ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ᠂ ᠰᠦᠶᠳᠬᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠬᠢᠬᠦ ᠪᠠ ᠡᠯ᠎ᠡ ᠪᠠᠶᠢᠭᠤᠯᠭ᠎ᠠ ᠨᠢᠭᠡᠴᠡ ᠶᠢᠨ ᠲᠥᠪᠯᠡᠷᠡᠭᠦᠯᠦᠨ ᠤᠬᠠᠭᠤᠯᠬᠤ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠠᠵᠢᠯᠯᠠᠭ᠎ᠠ ᠪᠠᠷ ᠳᠠᠮᠵᠢᠭᠤᠯᠤᠨ ᠪᠥᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃
       ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠪᠠᠶᠢᠡᠭᠭᠤ ᠶᠢᠨ ᠳᠡᠳ᠋ ᠬᠤᠰᠢᠭᠤ ᠳᠠᠷᠤᠭ᠎ᠠ ᠬᠠᠶ ᠱᠠᠨ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠶᠢᠫᠢᠡᠭ᠂ ᠤᠯᠤᠰ ᠲᠥᠷᠥ ᠎ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠬᠠᠶ ᠮᠢᠩ ᠨᠡᠷ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃    ᠬᠠᠶ ᠱᠠᠨ ᠶᠠᠷᠢᠶᠠᠨ ᠳᠠᠭᠠᠨ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠦᠨᠡᠨᠬᠦ‍ ᠨᠢᠭᠡ ᠵᠦᠶᠯ ᠤᠨ ᠴᠢᠬᠤᠯᠠ ᠠᠵᠢᠯ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠦᠳᠲᠡᠷ ᠲᠦᠷᠭᠡᠨ ᠬᠥᠳᠡᠯᠦᠯᠴᠡᠵᠦ᠂ ᠡᠨᠡ ᠵᠢᠯ ᠤᠨ ︽ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠶᠢ ᠬᠢᠨᠠᠮᠠᠭᠠᠶ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠠᠢ᠃
         ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤ ᠭᠠᠮᠰᠢᠭ ᠢ ᠡᠰᠡᠷᠬᠦᠴᠡᠬᠦ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠣᠯᠠᠨ ᠵᠦᠶᠯ ᠤᠨ ᠬᠡᠯᠪᠡᠷᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠦᠵᠡᠭᠦᠯᠦᠯᠭᠡ᠂ ᠭᠠᠮᠰᠢᠭ ᠢ ᠪᠠᠭᠠᠰᠬᠠᠬᠤ ᠬᠡᠷᠡᠯ ᠵᠢᠷᠤᠭ ᠤᠨ ᠦᠵᠡᠭᠦᠯᠦᠯᠭᠡ᠂ ᠲᠤᠬᠠᠶ ᠶᠢᠨ ᠲᠠᠯᠠᠪᠠᠶ ᠶᠢᠨ ᠲᠠᠶᠢᠯᠤᠮᠵᠢ᠂ ᠠᠯᠪᠠᠨ ᠵᠢᠷᠤᠮ ᠤᠨ ᠡᠮᠴᠢᠯᠡᠭᠡ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠨᠡᠶᠢᠲᠡ ᠳᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠮᠡᠳᠡᠯᠭᠡ ᠶᠢ ᠤᠬᠠᠭᠤᠯᠤᠨ ᠲᠦᠬᠡᠮᠡᠯᠵᠢᠭᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号