ᠬᠠᠳᠠᠭ ᠪᠠᠷᠢᠬᠤ ᠶᠣᠰᠣ
ᠨᠡᠶᠢᠲᠡᠯᠡᠭᠰᠡᠨ ᠴᠠᠭ᠄
2024/5/15
     ᠮᠣᠩᠭᠤᠯᠴᠤᠳ ᠤᠨ ᠬᠤᠪᠴᠠᠰᠤ ᠵᠠᠰᠠᠯ ᠪᠡᠯᠡᠭᠯᠡᠬᠦ ᠶᠣᠰᠣᠨ ᠳᠤ ᠬᠠᠳᠠᠬ ᠢ ᠲᠡᠷᠢᠭᠦᠨ ᠳᠤ ᠲᠠᠯᠪᠢᠳᠠᠭ᠃ ᠬᠦᠨᠳᠦᠲᠦ ᠵᠣᠴᠢᠨ ᠠᠬᠠᠮᠠᠳ ᠨᠠᠰᠤᠲᠠᠨ ᠳᠤ ᠶᠠᠮᠠᠷ ᠨᠢᠭᠡᠨ ᠬᠤᠪᠴᠠᠰᠤ ᠵᠠᠰᠠᠯ ᠤᠨ ᠪᠡᠯᠡᠭ ᠬᠦᠷᠭᠡᠬᠦ ᠦᠶ᠎ᠡ ᠳᠤ ᠤᠷᠢᠲᠠ ᠪᠠᠷ ᠵᠠᠪᠠᠯ ᠬᠠᠳᠠᠬ ᠪᠠᠷᠢᠬᠤ ᠶᠣᠰᠣ ᠲᠠᠢ᠃ ᠤᠴᠢᠷ ᠨᠢ ᠬᠠᠳᠠᠬ ᠪᠣᠯ ᠠᠯᠢᠪᠠ ᠰᠠᠶᠢᠨ ᠰᠠᠶᠢᠬᠠᠨ ᠤ ᠢᠷᠦᠭᠡᠯ ᠪᠡᠯᠭᠡᠳᠡᠯ ᠪᠦᠭᠦᠠ ᠢ ᠠᠭᠤᠯᠵᠣ ᠪᠠᠶᠢᠳᠠᠭ᠃ ᠬᠠᠳᠠᠬ ᠪᠠᠷᠢᠬᠤ ᠳᠤ ᠬᠠᠳᠠᠬ ᠢᠶᠠᠨ ᠥᠷᠭᠡᠨ ᠢᠶᠠᠷ ᠨᠢ ᠲᠡᠭᠰᠢᠬᠡᠨ ᠨᠤᠭᠤᠯᠵᠤ᠂ ᠨᠤᠭᠤᠯᠤᠭᠠᠰᠤ ᠶᠢᠨ ᠠᠮᠠ ᠶᠢ ᠵᠣᠴᠢᠨ ᠤ ᠥᠭᠡᠳᠡ ᠠᠴᠠ ᠬᠠᠨᠳᠤᠭᠤᠯᠤᠨ ᠬᠤᠶᠠᠷ ᠭᠠᠷ  ᠤᠨ ᠠᠯᠠᠭᠠᠨ ᠳᠡᠭᠡᠷ᠎ᠡ ᠪᠠᠨ ᠳᠡᠯᠭᠡᠵᠦ ᠳᠡᠭᠡᠭᠰᠢ ᠡᠷᠭᠦᠨ ᠪᠠᠷᠢᠳᠠᠭ᠃ ᠬᠠᠳᠠᠬ ᠲᠤ ᠲᠣᠷᠭᠠᠨ ᠬᠠᠳᠠᠬ᠂ ᠱᠠ ᠬᠠᠳᠠᠬ ᠵᠡᠷᠭᠡ ᠤᠯᠠᠠ ᠵᠦᠢᠯ ᠪᠠᠶᠢᠳᠠᠭ᠃ ᠴᠠᠭᠠᠨ ᠬᠠᠳᠠᠬ ᠢ ᠰᠦᠨ ᠴᠠᠭᠠᠨ ᠰᠡᠳᠬᠢᠯ ᠤᠨ ᠪᠡᠯᠭᠡ ᠲᠡᠮᠳᠡᠭ ᠭᠡᠵᠦ ᠦᠵᠡᠳᠡᠭ ᠪᠣᠯᠬᠤᠷ ᠬᠤᠪᠴᠠᠰᠤ ᠵᠠᠰᠠᠯ ᠤᠨ ᠪᠡᠯᠡᠭ ᠥᠭᠬᠦ ᠦᠶ᠎ᠡ ᠳᠤ ᠣᠯᠠᠩᠬᠢ ᠳᠠᠭᠠᠨ ᠴᠠᠭᠠᠨ ᠬᠠᠳᠠᠬ ᠢ ᠤᠷᠢᠲᠠ ᠪᠠᠷ ᠪᠠᠷᠢᠳᠠᠭ᠃ ᠴᠡᠩᠬᠡᠷ ᠥᠩᠭᠡ ᠲᠠᠢ ᠬᠠᠳᠠᠬ ᠨᠢ ᠬᠥᠬᠡ ᠴᠡᠩᠬᠡᠷ ᠲᠡᠭᠷᠢ ᠰᠢᠭ ᠮᠥᠩᠬᠡᠵᠢᠬᠦ ᠶᠢ ᠪᠡᠯᠭᠡᠳᠡᠳᠡᠭ ᠲᠤᠯᠠ ᠥᠨᠳᠥᠷ ᠨᠠᠰᠤᠲᠠᠨ ᠳᠤ ᠬᠤᠪᠴᠠᠰᠤ ᠵᠠᠰᠠᠯ ᠤᠨ ᠪᠡᠯᠡᠭ ᠬᠦᠷᠭᠡᠬᠦ ᠦᠶ᠎ᠡ ᠳᠤ ᠴᠡᠩᠬᠡᠷ ᠬᠠᠳᠠᠬ ᠪᠠᠷᠢᠳᠠᠭ᠃      ᠦᠶ᠎ᠡ ᠵᠡᠷᠭᠡ ᠶᠢᠨ ᠬᠥᠮᠥᠰ ᠲᠤ ᠬᠤᠪᠴᠠᠰᠤ ᠵᠠᠰᠠᠯ ᠤᠨ ᠪᠡᠯᠡᠭ ᠥᠭᠬᠦ ᠦᠶ᠎ᠡ ᠳᠤ ᠬᠠᠳᠠᠬ ᠪᠠᠷᠢᠳᠠᠭ ᠦᠭᠡᠢ᠂ ᠪᠡᠯᠡᠭᠯᠡᠬᠦ ᠶᠠᠭᠤᠮ᠎ᠠ ᠪᠠᠨ ᠰᠢᠭᠤᠳ ᠬᠤᠶᠠᠷ ᠭᠠᠷ ᠢᠶᠠᠷ ᠢᠶᠠᠨ ᠪᠠᠷᠢᠪᠠᠯ ᠪᠣᠯᠴᠢᠬᠠᠳᠠᠭ᠃ ᠮᠣᠩᠭᠤᠯᠴᠤᠳ ᠤᠨ ᠬᠠᠳᠠᠬ ᠪᠠᠷᠢᠬᠤ ᠵᠠᠩᠰᠢᠯ ᠶᠤᠸᠠᠨ ᠤᠯᠤᠰ ᠤᠨ ᠦᠶ᠎ᠡ ᠳᠤ ᠨᠢᠭᠡᠨᠲᠡ ᠬᠡᠯᠪᠡᠷᠢᠵᠢᠨ ᠲᠣᠭᠲᠠᠭᠰᠠᠨ ᠪᠥᠭᠡᠳ ᠴᠢᠩ ᠤᠯᠤᠰ ᠤᠨ ᠦᠶ᠎ᠡ ᠳᠤ ᠶᠡᠭᠡ ᠪᠠᠷ ᠳᠡᠯᠭᠡᠷᠡᠵᠡᠢ᠃ ︽ᠮᠠᠷᠺᠤ ᠫᠣᠯᠣ᠋ ᠶᠢᠨ ᠵᠢᠭᠤᠯᠴᠢᠯᠠᠯ ᠤᠨ ᠲᠡᠮᠳᠡᠭᠯᠡᠯ︾᠎ ᠢ ᠦᠨᠳᠦᠰᠦᠯᠡᠪᠡᠯ ᠮᠣᠩᠭᠤᠯᠴᠤᠳ ᠵᠣᠴᠢᠨ ᠳᠠᠭᠠᠨ ᠬᠦᠷᠭᠡᠬᠦ ᠪᠡᠯᠡᠭ ᠰᠡᠯᠲᠡ ᠶᠢᠨ ᠳᠡᠭᠡᠷ᠎ᠡ ᠴᠠᠭᠠᠨ ᠱᠠ ᠲᠠᠯᠪᠢᠳᠠᠭ ᠪᠠᠶᠢᠵᠠᠢ᠃ ᠡᠨᠡ ᠨᠢ ᠶᠠᠭ ᠬᠠᠳᠠᠬ ᠪᠤᠯᠬᠤ ᠶᠤᠮ᠃ ᠡᠶᠢᠮᠦᠷᠬᠦ ᠬᠠᠳᠠᠬ ᠪᠠᠷᠢᠬᠤ ᠶᠣᠰᠣ ᠨᠢ ᠮᠢᠩ ᠤᠯᠤᠰ ᠤᠨ ᠰᠡᠭᠦᠯᠴᠢ ᠴᠢᠩ ᠤᠯᠤᠰ ᠤᠨ ᠦᠶ᠎ᠡ ᠪᠠᠷ ᠰᠢᠷ᠎ᠠ ᠶᠢᠨ ᠱᠠᠰᠢᠨ ᠳᠡᠯᠭᠡᠷᠡᠬᠦ ᠶᠢ ᠳᠠᠭᠠᠯᠳᠤᠨ ᠨᠡᠶᠢᠳᠡᠮ ᠳᠡᠯᠭᠡᠷᠡᠭᠰᠡᠨ ᠪᠠᠶᠢᠳᠠᠭ᠃
 
ᠢᠷᠡᠯᠲᠡ᠄ ᠰᠢᠯᠢ ᠶᠢᠨ ᠭᠣᠣᠯ ᠠᠢᠮᠠᠭ ‍ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号