ᠬᠤᠷᠢᠨ ᠵᠢᠯ ᠤᠨ ᠵᠢᠳᠬᠦᠯ ᠴᠢᠷᠮᠠᠶᠢᠯᠭ᠎ᠠ ᠰᠠᠭᠠᠯᠢ ᠶᠢᠨ ᠦᠢᠯᠡᠰ ᠤᠨ ᠰᠠᠶᠢᠬᠠᠨ ᠢᠷᠡᠭᠡᠳᠦᠢ
ᠨᠡᠶᠢᠲᠡᠯᠡᠭᠰᠡᠨ ᠴᠠᠭ᠄
2024/5/15
     ᠬᠠᠷᠠᠭᠦ᠋ᠯᠦᠭᠡ ᠪᠤᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠰᠠᠷᠠᠭᠤᠯᠳᠤᠶᠠᠭ᠎ᠠ ᠭᠠᠴᠠᠭᠠᠨ ᠤ ᠮᠠᠯᠴᠢᠨ ᠶᠤᠮ᠃ ᠤᠳᠤ ᠠᠴᠠ ᠶᠠᠭ ᠬᠤᠷᠢᠨ ᠵᠢᠯ ᠤᠨ ᠡᠮᠦᠨ᠎ᠡ᠂ ᠲᠤᠬᠠᠢ ᠶᠢᠨ ᠦᠶ᠎ᠡ ᠶᠢᠨ ︽ᠪᠢᠳᠡᠭᠦᠮᠵᠢᠯᠡᠨ ᠰᠢᠯᠵᠢᠭᠦᠯᠬᠦ︾ ᠲᠦᠷᠦ ᠶᠢᠨ ᠪᠤᠳᠤᠯᠭ᠎ᠠ ᠶᠢᠨ ᠤᠷᠢᠶᠠᠯᠠᠭ᠎ᠠ ᠪᠠᠷ ᠬᠠᠷᠠᠭᠦ᠋ᠯᠦᠭᠡ ᠪᠦᠰᠡᠭᠦᠢ ᠤᠷᠠᠠᠴᠢᠮᠡᠭ ᠲᠠᠢ ᠪᠠᠨ ᠭᠡᠷ ᠪᠦᠯᠢ  ᠪᠠᠨ ᠠᠪᠴᠤ ᠪᠠᠯᠭᠠᠷᠭᠤᠤᠯ ᠪᠠᠯᠭᠠᠰᠤᠨ ᠤ ᠰᠢᠨᠡᠭᠤᠤᠯ ᠨᠡᠭᠦᠳᠡᠯ ᠠᠷᠠᠳ ᠤᠨ ᠲᠤᠭᠤᠷᠢᠭ ᠲᠤ ᠢᠷᠡᠵᠦ ᠬᠤᠶᠠᠷ ᠰᠠᠭᠠᠯᠢ ᠶᠢᠨ ᠦᠨᠢᠶ᠎ᠡ ᠬᠤᠳᠠᠯᠳᠤᠨ ᠠᠪᠴᠤ ᠰᠦ ᠰᠠᠭᠠᠯᠢ ᠶᠢᠨ ᠠᠵᠢᠯ ᠢᠶᠠᠨ ᠡᠬᠢᠯᠡᠬᠦᠯᠦᠭᠰᠡᠨ ᠪᠠᠶᠢᠯ᠎ᠠ᠃ ︽ᠲᠤᠬᠠᠢ ᠶᠢᠨ ᠦᠶ᠎ᠡ ᠳᠤ 60 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠫᠧᠩ ᠰᠠᠷᠠᠪᠴᠢ ᠪᠤᠯᠤᠨ ᠲᠤᠤᠷ ᠬᠦᠷᠢᠶ᠎ᠡ ᠬᠤᠪᠢᠳᠠᠨ ᠤᠯᠵᠠᠢ᠂ ᠠᠩᠬ᠎ᠠ ᠬᠤᠳᠠ ᠰᠠᠭᠤᠷᠢᠨ ᠪᠠᠷᠠᠭᠠᠳᠠᠵᠦ ᠰᠦ ᠰᠠᠭᠠᠯᠢ ᠶᠢᠨ ᠠᠵᠢᠯ ᠡᠷᠬᠢᠯᠡᠵᠦ ᠪᠠᠶᠢᠭᠰᠠᠨ ᠪᠤᠯᠬᠤᠷ ᠲᠤᠷᠰᠢᠯᠭ᠎ᠠ ᠲᠤᠳᠠᠮᠠᠭ᠂ ᠡᠪ ᠳ᠋ᠦᠢ ᠪᠠᠨ ᠤᠯᠬᠤ ᠦᠭᠡᠢ ᠶᠡᠭᠡ ᠯᠡ ᠬᠦᠴᠢᠷᠳᠡᠵᠦ ᠪᠠᠶᠢᠭᠰᠠᠨ ᠴᠦ ᠬᠢᠭᠡᠳ ᠯᠡ ᠪᠠᠶᠢᠯ᠎ᠠ︾ ᠭᠡᠵᠦ ᠬᠠᠷᠠᠭᠦ᠋ᠯᠦᠭᠡ ᠤᠴᠢᠷᠯᠠᠪᠠ᠃      ᠢᠩᠭᠢᠵᠦ ᠬᠠᠷᠠᠭᠦ᠋ᠯᠦᠭᠡ ᠪᠦᠰᠡᠭᠦᠢ ᠤᠷᠠᠠᠴᠢᠮᠡᠭ ᠲᠠᠢ ᠪᠠᠨ ᠨᠢᠭᠡ ᠯᠡ ᠮᠡᠳᠡᠬᠦ ᠳᠤ ᠬᠤᠷᠢᠨ ᠬᠠᠪᠤᠷ ᠨᠠᠮᠤᠷ ᠢ ᠠᠷᠤ ᠳᠠᠭᠠᠨ ᠤᠷᠬᠢᠪᠠ᠃ ᠡᠨᠡ ᠬᠤᠭᠤᠷᠤᠨᠳᠤ ᠬᠤᠳᠠ ᠤᠷᠤᠵᠤ ᠪᠤᠰᠤᠳ ᠠᠵᠢᠯ ᠲᠦᠷᠦᠯ ᠳᠤ ᠤᠷᠤᠯᠴᠠᠵᠦ ᠶᠠᠪᠤᠭᠰᠠᠨ ᠴᠦ ᠰᠦ ᠰᠠᠭᠠᠯᠢ ᠶᠢᠨ ᠠᠵᠢᠯ ᠢᠶᠠᠨ ᠶᠡᠷᠦ ᠵᠤᠠᠠᠰᠤᠭᠰᠠᠨ ᠦᠭᠡᠢ᠃ ᠤᠳᠤ ᠡᠳᠡᠨᠡᠶᠢᠬᠢᠨ 500 ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠪᠦᠳᠦᠭᠡᠨ ᠪᠠᠶᠢᠭᠤᠯᠤᠯᠳᠠ ᠶᠢᠨ ᠭᠠᠵᠠᠷ ᠲᠤ ᠫᠧᠩ ᠰᠠᠷᠠᠪᠴᠢ᠂ ᠦᠢᠯᠡᠳᠬᠡᠯ ᠤᠨ ᠭᠠᠵᠠᠷ᠂ ᠤᠷᠤᠨ ᠰᠠᠭᠤᠴᠠ ᠪᠠᠨ ᠲᠦᠪᠬᠢᠨᠡᠭᠦᠨ ᠰᠠᠶᠢᠬᠠᠨ ᠪᠠᠶᠢᠭᠤᠯᠵᠤ᠂ 50 ᠭᠠᠷᠤᠢ ᠦᠬᠡᠷ ᠮᠠᠯᠵᠢᠵᠤ᠂ ᠡᠭᠦᠨ ᠳᠤ ᠬᠤᠷᠢᠭᠠᠳ ᠰᠠᠭᠠᠯᠢ ᠶᠢᠨ ᠦᠨᠢᠶ᠎ᠡ ᠪᠠᠶᠢᠵᠤ᠂ ᠡᠳᠦᠷ ᠲᠤ 2000 ᠲᠦᠭᠦᠷᠢᠭ ᠤᠨ ᠦᠷᠳᠡᠭ ᠪᠦᠬᠦᠢ ᠴᠠᠭᠠᠨ ᠢᠳᠡᠭᠡ ᠶᠢ ᠵᠠᠬ᠎ᠠ ᠲᠡᠯᠭᠡᠭᠦᠷ ᠲᠤ ᠪᠤᠷᠤᠯᠠᠭᠤᠯᠵᠤ ᠪᠠᠶᠢᠭ᠎ᠠ ᠠᠵᠢ᠃     ᠰᠦ ᠰᠠᠭᠠᠯᠢ ᠶᠢᠨ ᠠᠵᠢᠯ ᠶᠡᠷᠦ ᠨᠢ ᠡᠷᠳᠡ ᠶᠢᠨ ᠲᠦᠷᠪᠡᠨ ᠴᠠᠭ ᠠᠴᠠ ᠡᠬᠢᠯᠡᠳᠡᠭ᠃ ᠬᠠᠷᠠᠭᠦ᠋ᠯᠦᠭᠡ᠂ ᠤᠷᠠᠠᠴᠢᠮᠡᠭ  ᠬᠤᠶᠠᠭᠤᠯᠠ ᠦᠨᠢᠶ᠎ᠡ ᠪᠠᠨ ᠰᠠᠭᠠᠬᠤ᠂ ᠲᠡᠵᠢᠭᠡᠵᠦ ᠠᠷᠠᠴᠢᠯᠠᠬᠤ᠂ ᠬᠤᠷᠤᠳ ᠬᠢᠵᠦ ᠲᠤᠰᠤ ᠰᠢᠷᠭᠠᠭᠠᠬᠤ᠂ ᠪᠦᠳᠦᠭᠡᠭᠳᠡᠭᠦᠨ  ᠢᠶᠠᠨ ᠪᠤᠭᠤᠵᠢᠯᠠᠵᠦ ᠪᠠᠭᠯᠠᠬᠤ ᠠᠵᠢᠯ ᠳᠤ ᠡᠳᠦᠷᠵᠢᠨ ᠶᠠᠭᠠᠷᠠᠳᠠᠭ᠃ ᠨᠢᠬᠡ ᠬᠤᠪᠢ ᠶᠢᠨ ᠬᠦᠳᠡᠯᠮᠦᠷᠢ ᠪᠠᠶᠢᠪᠠᠯ ᠨᠢᠭᠡ ᠬᠤᠪᠢ ᠶᠢᠨ ᠪᠦᠳᠦᠭᠡᠯ ᠭᠠᠷᠳᠠᠭ ᠠᠵᠢ᠃ ᠡᠳᠡᠨ ᠤ ᠦᠵᠦᠮᠦᠴᠢᠨ ᠤ ᠤᠯᠠᠮᠵᠢᠯᠠᠯᠳᠤ ᠠᠷᠭ᠎ᠠ ᠪᠠᠷ ᠢᠶᠠᠨ ᠬᠢᠵᠦ ᠪᠤᠯᠪᠠᠰᠤᠷᠠᠭᠤᠯᠤᠭᠰᠠᠨ ᠴᠠᠭᠠᠨ ᠢᠳᠡᠭᠡ ᠨᠢ ᠬᠡᠷᠡᠭᠯᠡᠭᠴᠢ ᠶᠢᠨ ᠲᠠᠭᠠᠰᠢᠶᠠᠯ ᠢ ᠤᠯᠵᠤ ᠪᠤᠷᠤᠯᠠᠭᠤᠯᠭ᠎ᠠ ᠨᠢ ᠡᠳᠦᠷ ᠢᠷᠡᠭᠦᠶ᠎ᠡ ᠰᠠᠶᠢᠵᠢᠷᠠᠵᠦ᠂ ᠠᠩᠬ᠎ᠠ ᠡᠬᠢᠨ ᠤ ᠴᠦᠭᠡᠪᠦᠷᠢ ᠰᠠᠭᠠᠯᠢ ᠶᠢᠨ ᠦᠨᠢᠶ᠎ᠡ ᠮᠠᠯᠵᠢᠳᠠᠭ ᠭᠠᠵᠠᠷ ᠠᠴᠠ ᠤᠳᠤ ᠨᠢᠭᠡᠨᠳᠡ ᠡᠳᠦᠷ ᠲᠤ 760 ᠵᠢᠩ ᠰᠦ ᠪᠤᠯᠪᠠᠰᠤᠷᠠᠭᠤᠯᠳᠠᠭ ᠦᠢᠯᠡᠳᠬᠡᠯ ᠤᠨ ᠭᠠᠵᠠᠷ ᠪᠤᠯᠵᠤ ᠦᠷᠭᠡᠵᠢᠨ᠂ ᠲᠤᠬᠠᠢ ᠶᠢᠨ ᠦᠶ᠎ᠡ ᠳᠤ ᠲᠤᠰ ᠨᠡᠭᠦᠳᠡᠯ ᠠᠷᠠᠳ ᠤᠨ ᠲᠤᠭᠤᠷᠢᠭ ᠲᠤ ᠰᠠᠭᠠᠯᠢ ᠶᠢᠨ ᠦᠨᠢᠶ᠎ᠡ ᠮᠠᠯᠵᠢᠵᠤ ᠪᠠᠶᠢᠭᠰᠠᠨ ᠡᠷᠦᠬᠡ ᠤᠳ ᠠᠴᠠ ᠦᠯᠡᠳᠡᠵᠦ ᠪᠠᠶᠢᠭ᠎ᠠ ᠴᠦᠭᠡᠨ ᠡᠷᠦᠬᠡ ᠶᠢᠨ ᠨᠢᠭᠡ ᠪᠤᠯᠪᠠ᠃    ᠦᠷᠢᠰᠦᠯᠳᠦᠭᠡᠨ ᠶᠡᠭᠡ ᠲᠠᠢ ᠵᠠᠬ᠎ᠠ ᠲᠡᠯᠭᠡᠭᠦᠷ ᠲᠤ ᠤᠷᠤᠨ ᠵᠠᠢ ᠪᠠᠨ ᠨᠢᠭᠡᠨᠳᠡ ᠤᠯᠤᠭᠰᠠᠨ ᠬᠠᠷᠠᠭᠦ᠋ᠯᠦᠭᠡ᠂ ᠤᠷᠠᠠᠴᠢᠮᠡᠭ ᠬᠤᠶᠠᠭᠤᠯᠠ ᠤᠳᠤ ᠦᠵᠦᠮᠦᠴᠢᠨ ᠴᠠᠭᠠᠨ ᠢᠳᠡᠭᠡ ᠪᠠᠨ ᠵᠠᠬ᠎ᠠ ᠲᠡᠯᠭᠡᠭᠦᠷᠴᠢᠯᠡᠬᠦ᠂ ᠨᠡᠷᠡᠳᠦ ᠲᠡᠮᠳᠡᠭᠵᠢᠬᠦᠯᠬᠦ ᠠᠵᠢᠯ ᠳᠤ ᠢᠳᠡᠪᠬᠢᠯᠡᠨ ᠤᠷᠤᠯᠴᠠᠬᠤ ᠪᠤᠯᠵᠤ᠂ ᠠᠶᠢᠮᠠᠭ ᠬᠤᠰᠢᠭᠤᠨ ᠠᠴᠠ ᠡᠷᠬᠢᠯᠡᠭᠰᠡᠨ ᠴᠠᠭᠠᠨ ᠢᠳᠡᠭᠡᠨ ᠤ ᠲᠡᠯᠭᠡᠨ ᠦᠵᠡᠭᠦᠯᠭᠡ ᠵᠡᠷᠭᠡ ᠠᠵᠢᠯᠯᠠᠭ᠎ᠠ ᠳᠤ  ᠤᠷᠤᠯᠴᠠᠨ ᠲᠤᠷᠰᠢᠯᠭ᠎ᠠ ᠤᠬᠠᠭᠠᠨ ᠰᠤᠷᠤᠯᠴᠠᠵᠦ᠂ ᠨᠤᠳᠤᠭ ᠤᠨ ᠭᠠᠷᠤᠯᠳᠠ ᠪᠠᠨ ᠡᠵᠡᠮᠳᠡᠵᠦ ᠬᠦᠭᠵᠢᠬᠦᠯᠬᠦ ᠶᠢ ᠤᠬᠠᠭᠤᠯᠤᠨ ᠰᠤᠷᠳᠠᠯᠴᠢᠯᠠᠵᠦ᠂ ᠤᠷᠠᠠᠴᠢᠮᠡᠭ ᠬᠤᠰᠢᠭᠤᠨ ᠤ ᠪᠠᠨ ᠪᠤᠳᠠᠰ ᠤᠨ ᠪᠤᠰᠤ ᠰᠤᠶᠤᠯ  ᠤᠨ ᠦᠪ ᠤᠨ ᠲᠦᠯᠦᠭᠡᠯᠡᠭᠴᠢ ᠦᠪᠯᠡᠨ ᠤᠯᠠᠮᠵᠢᠯᠠᠭᠴᠢ ᠶᠢᠨ ᠡᠷᠭᠦᠮᠵᠢᠯᠡᠯ ᠬᠦᠷᠳᠡᠵᠦ᠂ ᠦᠵᠦᠮᠦᠴᠢᠨ ᠴᠠᠭᠠᠨ ᠢᠳᠡᠭᠡ ᠪᠠᠨ ᠦᠪᠯᠡᠨ ᠤᠯᠠᠮᠵᠢᠯᠠᠬᠤ ᠠᠵᠢᠯ ᠳᠤ ᠭᠠᠷ ᠪᠡᠶ᠎ᠡ ᠤᠷᠤᠯᠴᠠᠨ ᠰᠠᠭᠠᠯᠢ ᠶᠢᠨ ᠦᠢᠯᠡᠰ ᠲᠤ ᠤᠬᠠᠭᠠᠨ ᠬᠦᠳᠡᠯᠮᠦᠷᠢ ᠪᠠᠨ ᠡᠷᠭᠦᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号