ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/5/15
     ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠣᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ ᠪᠣᠯ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠦᠨ᠎ᠡ᠃     ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠭᠤᠣᠯ ᠴᠣᠭᠴᠠ   ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂  ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠲᠠᠭᠠᠨ᠎ᠠ᠃    ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠤᠶᠢᠷᠦ ᠶᠢᠨ ᠪᠣᠳᠣᠯᠭ᠎ᠠ᠂ ᠲᠤᠶᠢᠷᠢᠮ ᠢ ᠵᠣᠬᠢᠶᠠᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠵᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠬᠠᠮᠢᠶᠠᠷᠬᠤ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ ᠲᠡᠯᠡᠪᠡᠢ ᠶᠢ ᠬᠠᠮᠢᠶᠠᠷᠬᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠦᠨᠡᠯᠡᠬᠦ ᠪᠠ ᠠᠵᠤ ᠠᠬᠤᠢ ᠶᠢ ᠬᠠᠮᠢᠶᠠᠷᠬᠤ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠢ ᠲᠠᠲᠠᠪᠤᠷᠢᠯᠠᠬᠤ ᠲᠤᠶᠢᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠡᠷ ᠪᠠᠶᠢᠰᠢᠩ ᠢ ᠳᠠᠩᠰᠠᠯᠠᠬᠤ ᠠᠵᠢᠯ ᠳᠤ ᠣᠷᠣᠯᠴᠠᠨ᠎ᠠ᠃     ︵ᠳᠥᠷᠪᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠵᠦ ᠨᠡᠶᠢᠲᠡᠯᠡᠨ᠎ᠡ᠃     ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠦᠷᠢᠮ ᠢ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠯᠠᠪᠯᠠᠯᠭ᠎ᠠ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠳᠤᠮᠳᠠ ᠪᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ‍ᠦᠨ‌ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠳᠤ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠤᠨ᠎ᠠ᠃     ︵ᠵᠢᠷᠭᠤᠭ᠎ᠠ︶ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠬᠤ ᠲᠤᠶᠢᠷᠢᠮ ᠢ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠪᠠᠷᠢᠯᠭ᠎ᠠ ᠶᠢᠨ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠬᠠᠷᠢᠭᠤᠴᠠᠨ᠎ᠠ᠃    ︵ᠲᠤᠯᠤᠭ᠎ᠠ︶ ᠬᠤᠳᠠ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠬᠤ ᠶᠢᠨ ᠬᠠᠮᠲᠤ ᠬᠤᠳᠠ ᠶᠢᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠤᠶᠢᠷᠦ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠬᠤᠳᠠ ᠶᠢᠨ ᠶᠠᠪᠤᠳᠠᠯ ᠤᠨ ᠨᠡᠶᠢᠳᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠶᠤᠯ ᠦᠭᠡᠢ ᠶᠢᠨ ᠬᠠᠮᠢᠶᠠᠷᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠳᠠ ᠶᠢ ᠰᠡᠯᠪᠢᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠦᠷᠦ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃     ︵ᠨᠠᠢᠮᠠ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃     ︵ᠶᠢᠰᠦ︶ ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠭᠤᠣᠯᠳᠠᠯᠭ᠎ᠠ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠵᠢᠯᠣᠭᠤᠳᠤᠨ᠎ᠠ᠃     ︵ᠠᠷᠪᠠ︶ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠪᠠᠷᠢᠯᠭ᠎ᠠ ᠶᠢᠨ ᠡᠨ᠋ᠸᠡᠷᠬᠢ ᠠᠷᠪᠢᠯᠠᠬᠤ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ   ᠬᠡᠷᠡᠭᠵᠢᠬᠦᠯᠵᠦ᠂ ᠪᠣᠬᠢᠷᠲᠤᠯ ᠣᠶᠢᠭᠡᠢ ᠪᠠᠷᠢᠯᠭ᠎ᠠ᠂ ᠤᠭᠰᠠᠷᠠᠮᠠᠯ ᠪᠠᠷᠢᠯᠭ᠎ᠠ ᠶᠢᠨ ᠬᠦᠭᠵᠢᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠬᠦᠯᠦᠨ᠎ᠠ᠃     ︵ᠠᠷᠪᠠᠨ ᠨᠢᠭᠡ︶ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠤᠷᠰᠢᠯᠴᠠᠬᠤ ᠶᠢ ᠬᠠᠷᠢᠭᠤᠴᠠᠨ᠎ᠠ᠃     ︵ᠠᠷᠪᠠᠨ ᠬᠤᠶᠠᠷ︶ ᠠᠵᠢᠯ ᠲᠤᠶᠢᠷᠦᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃
 
ᠢᠷᠡᠯᠲᠡ᠄ ᠪᠠᠢᠭᠤᠯᠤᠯᠳᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号