ᠬᠤᠭᠤᠯᠠᠳᠤ ᠶᠢᠨ ᠭᠤᠣᠯ ᠪᠠᠯᠭᠠᠰᠤ ᠮᠠᠯ ᠠᠵᠤ ᠠᠬᠤᠢ ᠳᠤ ᠬᠤᠯᠪᠣᠭᠳᠠᠬᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/16
    ᠮᠠᠯᠵᠢᠬᠤ ᠣᠷᠣᠨ ᠤ ᠮᠠᠯ ᠠᠵᠤ ᠠᠬᠤᠢ ᠳᠤ ᠬᠤᠯᠪᠣᠭᠳᠠᠬᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠭᠤᠯᠠᠳᠤ ᠶᠢᠨ ᠭᠤᠣᠯ ᠪᠠᠯᠭᠠᠰᠤ ᠠᠵᠢᠯᠯᠠᠬᠤ ᠳᠤᠭᠤᠶᠢᠯᠠᠩ ᠪᠠᠶᠢᠭᠤᠯᠵᠤ᠂ ᠮᠠᠯᠵᠢᠬᠤ ᠡᠷᠦᠬᠡ ᠳᠤ ᠭᠦᠨᠵᠡᠭᠡᠶᠢᠷᠡᠨ ᠮᠠᠯ ᠠᠵᠤ ᠠᠬᠤᠢ ᠳᠤ ᠬᠤᠯᠪᠣᠭᠳᠠᠬᠤ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠥᠷᠨᠢᠭᠦᠯᠵᠡᠢ ᠃ ᠲᠣᠰ ᠤᠳᠠᠭᠠᠨ ᠤ ᠠᠵᠢᠯ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯ ᠠᠵᠤ ᠠᠬᠤᠢ ᠳᠤ ᠬᠤᠯᠪᠣᠭᠳᠠᠬᠤ ᠬᠦᠷᠢᠶᠡᠨ ᠳᠠᠬᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠤᠶᠢᠯᠭᠠᠵᠠᠢ᠃
    ᠠᠵᠢᠯᠲᠠᠳ ᠠᠮᠢᠲᠠᠨ ᠤ ᠬᠢᠵᠢᠭ ᠢ ᠰᠡᠷᠭᠡᠶᠢᠯᠡᠬᠦ᠂ ᠲᠠᠷᠢᠶᠠᠯᠠᠩ ᠤᠨ ᠮᠠᠰᠢᠨ ᠮᠧᠬᠠᠨᠢᠭ ᠢ ᠬᠡᠷᠡᠭᠯᠡᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠬᠤ ᠵᠡᠷᠭᠡ ᠬᠡᠳᠦᠨ ᠠᠭᠤᠯᠭ᠎ᠠ ᠶᠢᠨ ᠲᠣᠭᠤᠷᠢᠨ ᠳᠤ᠂ ᠬᠢᠯᠪᠠᠷ ᠣᠶᠢᠯᠠᠭᠠᠮᠵᠢᠲᠠᠢ᠂ ᠠᠮᠠᠷᠬᠠᠨ ᠬᠦᠯᠢᠶᠡᠨ ᠠᠪᠬᠤ ᠠᠷᠭ᠎ᠠ ᠮᠠᠶ᠋ᠢᠭ ᠢᠶᠠᠷ ᠮᠠᠯᠵᠢᠬᠤ ᠡᠷᠦᠬᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠤᠬᠠᠭᠤᠯᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠡᠶᠡᠯᠡᠭᠦᠯᠵᠡᠢ᠃    ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠤᠯᠠᠮ ᠨᠢᠭᠡ ᠠᠯᠬᠤᠮ ᠴᠢᠩᠭ᠎ᠠ ᠰᠡᠷᠭᠡᠶᠢᠯᠡᠵᠦ᠂ ᠮᠠᠯ ᠠᠵᠤ ᠠᠬᠤᠢ ᠳᠤ ᠬᠤᠯᠪᠣᠭᠳᠠᠬᠤ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠮᠡᠳᠡᠯᠭᠡ ᠶᠢ ᠦᠷᠭᠦᠯᠵᠢᠯᠡᠨ ᠤᠬᠠᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号