ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2024/5/16
   ᠨᠠᠮ ᠤᠨ ᠭᠡᠰᠢᠭᠦᠨ ᠺᠠᠳ᠋ᠷᠴᠤᠳ ᠤᠨ ᠦᠨᠡᠨᠴᠢ ᠰᠢᠳᠤᠷᠭᠤ ᠠᠷᠢᠭᠤᠨ ᠴᠡᠪᠡᠷ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠬᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠦᠸᠧ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠰᠣᠶᠣᠯ ᠢᠷᠭᠡᠨᠰᠢᠯ ᠤᠨ ᠳᠡᠭᠡᠳᠦ ᠰᠤᠷᠭᠠᠭᠤᠯᠢ ᠶᠢᠨ ᠳᠠᠷᠤᠭ᠎ᠠ ᠶᠢᠨ ᠲᠤᠰᠠᠯᠠᠭᠴᠢ᠂ ᠰᠤᠳᠤᠯᠤᠭᠴᠢ ᠶᠤᠸᠠᠨ ᠶᠢᠨ ᠤᠭᠲᠤᠬᠤ ᠦᠭᠡ ᠬᠡᠯᠡᠵᠡᠢ᠃     ᠶᠠᠨ ᡁᠢ ᠭᠦᠸᠧ ᠴᠢᠬᠤᠯᠠᠴᠢᠯᠠᠬᠤ ᠳᠠᠭᠠᠨ᠂ ᠰᠤᠷᠤᠯᠴᠠᠬᠤ ᠵᠠᠪᠰᠢᠶᠠᠨ ᠢ ᠨᠠᠨᠳᠢᠩᠨᠠᠵᠤ᠂ ᠡᠷᠳᠡᠮ ᠮᠡᠳᠡᠯᠭᠡ ᠳᠤ ᠰᠢᠮᠳᠠᠬᠤ ᠰᠤᠷᠤᠯᠴᠠᠬᠤ ᠣᠪᠣᠷ ᠢᠶᠠᠨ ᠢᠮᠠᠭᠲᠠ ᠪᠠᠷᠢᠮᠲᠠᠯᠠᠵᠤ᠂ ᠰᠤᠷᠤᠯᠴᠠᠯᠭ᠎ᠠ ᠪᠠᠷ ᠳᠡᠮᠵᠢᠨ ᠬᠠᠷᠠᠭᠠᠨ ᠤ ᠰᠡᠳᠬᠢᠬᠦᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠱᠠᠩᠬᠠᠢ ᠶᠢᠨ ᠬᠤᠷᠳᠤᠴᠠ᠂ ᠱᠠᠩᠬᠠᠢ ᠶᠢᠨ ᠡᠷᠴᠢᠮ᠂ ᠱᠠᠩᠬᠠᠢ ᠶᠢᠨ ᠬᠠᠯᠠᠭᠤᠨ ᠳᠤᠯᠠᠭᠠᠨ᠂ ᠱᠠᠩᠬᠠᠢ ᠶᠢᠨ ᠭᠦᠨᠴᠡ ᠶᠢ ᠣᠶᠢᠯᠠᠭᠠᠬᠤ ᠶᠢᠨ ᠬᠠᠮᠲᠤ᠂ ᠲᠡᠷᠢᠭᠦᠨ ᠤ ᠣᠶᠢᠯᠠᠭᠠᠭᠳᠠᠬᠤᠨ ᠪᠠ ᠲᠤᠷᠰᠢᠯᠭ᠎ᠠ ᠪᠠᠨ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠢᠨ᠎ᠡ ᠬᠥᠳᠡᠯᠭᠡᠭᠴᠢ ᠡᠨᠧᠷᠭᠢ ᠪᠣᠯᠭᠠᠨ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠠᠩᠭᠢ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠫᠦᠳᠦᠩ ᠤᠨ ᠺᠠᠳ᠋ᠷ ᠤᠨ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠳᠤᠯᠭᠠᠨ ᠤ ᠬᠦᠷᠢᠶᠡᠯᠡᠩ ᠤᠨ ᠳᠡᠳ᠋ ᠵᠠᠬᠢᠷᠤᠯ ᠯᠢᠦ ᠶᠦᠨ ᠰᠢᠶᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨ ᠤ ᠰᠢᠰᠲ᠋ᠧᠮ ᠬᠢᠭᠡᠳ ᠵᠣᠷᠢᠭ ᠰᠠᠨᠠᠭᠠᠨ ᠤ ᠮᠥᠨ ᠴᠢᠨᠠᠷ︾ ᠭᠡᠬᠦ ᠰᠡᠳᠦᠪ ᠢᠶᠠᠷ ᠠᠩᠭᠢ ᠡᠬᠢᠯᠡᠬᠦ ᠠᠩᠬᠠᠨ ᠤ ᠬᠢᠴᠢᠶᠡᠯ ᠢ ᠵᠢᠭᠠᠪᠠ᠃      ᠲᠣᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 5 ᠡᠳᠦᠷ ᠪᠠᠶᠢᠵᠤ᠂ ᠭᠤᠣᠯᠳᠠᠭᠤ ᠲᠤᠰᠬᠠᠢ ᠰᠡᠳᠦᠪ ᠢᠶᠠᠷ ᠬᠢᠴᠢᠶᠡᠯᠯᠡᠬᠦ ᠪᠠ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ ᠬᠡᠯᠪᠡᠷᠢ ᠪᠠᠷ ᠥᠷᠨᠢᠭᠦᠯᠵᠦ᠂ ᠪᠥᠬᠦ ᠬᠤᠰᠢᠭᠤᠨ ᠤ 47 ᠨᠠᠮ ᠤᠨ ᠭᠡᠰᠢᠭᠦᠨ ᠺᠠᠳ᠋ᠷ ᠪᠣᠯᠪᠠᠰᠤᠷᠠᠯ ᠳᠤ ᠣᠷᠣᠯᠴᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号