ᠵᠤᠬᠢᠰᠳᠠᠢ ᠮᠠᠯᠵᠢᠯ ᠤᠨ ᠠᠷᠭ᠎ᠠ ᠪᠤᠯᠤᠨ ᠤᠯᠠᠨ ᠲᠠᠯ᠎ᠠ ᠶᠢᠨ ᠤᠷᠤᠯᠭ᠎ᠠ ᠶᠢᠨ ᠵᠠᠮ ᠢᠶᠠᠷ ᠮᠠᠯᠵᠢᠬᠤ ᠦᠢᠯᠡᠳᠪᠦᠷᠢᠯᠡᠯ ᠤᠨ ᠬᠦᠴᠢᠷᠳᠡᠯ ᠢᠶᠠᠨ ᠲᠠᠪᠠᠨ ᠲᠤᠭᠤᠯᠵᠤ ᠶᠠᠪᠤᠨ᠎ᠠ
ᠨᠡᠶᠢᠲᠡᠯᠡᠭᠰᠡᠨ ᠴᠠᠭ᠄
2024/5/17
              ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠢᠯᠠᠯᠳᠠ ᠭᠠᠴᠠᠭᠠᠨ ᠤ ᠮᠠᠯᠴᠢᠨ   ᠰᠠᠶᠢᠰᠢᠶᠠᠯᠳᠤ᠂ ᠪᠦᠰᠡᠭᠦᠢ ᠠᠯᠳᠠᠠᠨᠠᠪᠴᠢ ᠲᠠᠢ ᠪᠠᠨ ᠬᠤᠶᠠᠭᠤᠯᠠ ᠠᠵᠤ ᠠᠮᠢᠳᠤᠷᠠᠯ ᠢᠶᠠᠨ ᠵᠦᠢ ᠵᠤᠬᠢᠰᠳᠠᠢ ᠲᠦᠯᠦᠪᠯᠡᠨ ᠵᠤᠬᠢᠴᠠᠭᠤᠯᠵᠤ᠂ ᠤᠯᠠᠨ ᠲᠠᠯ᠎ᠠ ᠪᠠᠷ ᠤᠷᠤᠯᠭ᠎ᠠ ᠪᠠᠨ ᠨᠡᠮᠡᠭᠳᠡᠭᠦᠯᠵᠦ ᠶᠠᠪᠤᠨ᠎ᠠ᠃      ᠮᠠᠯᠴᠢᠳ ᠮᠠᠨᠢ ᠶᠡᠷᠦ ᠨᠢ ᠨᠤᠳᠤᠭ ᠪᠡᠯᠴᠢᠭᠡᠷ ᠢᠶᠠᠨ ᠵᠦᠢ ᠵᠤᠬᠢᠰᠳᠠᠢ ᠠᠰᠢᠠᠠᠯᠠᠨ ᠬᠠᠮᠠᠭᠠᠯᠠᠵᠦ ᠢᠷᠡᠭᠰᠡᠨ ᠶᠤᠮ᠃ ᠰᠠᠶᠢᠰᠢᠶᠠᠯᠳᠤ ᠴᠦ ᠡᠨᠡᠬᠦ ᠪᠤᠳᠤᠯ ᠢᠶᠠᠷ ᠲᠠᠭᠠᠭᠠᠴᠢᠯᠠᠭᠰᠠᠨ ᠨᠤᠳᠤᠭ ᠢᠶᠠᠨ ᠬᠠᠳᠤᠯᠠᠩ ᠪᠤᠯᠤᠨ ᠪᠡᠯᠴᠢᠭᠡᠷ ᠢᠶᠠᠷ ᠬᠤᠪᠢᠶᠠᠨ ᠮᠠᠯᠵᠢᠬᠤ ᠶᠢᠨ ᠬᠠᠮᠳᠤ᠂ ᠰᠦᠷᠦᠭ ᠤᠨ ᠪᠦᠳᠦᠴᠡ ᠳᠡᠭᠡᠨ ᠲᠤᠬᠢᠷᠠᠭᠤᠯᠤᠯᠳᠠ ᠬᠢᠵᠦ᠂ 2022 ᠤᠨ ᠳᠤ 15 ᠲᠦᠮᠡᠨ ᠲᠦᠭᠦᠷᠢᠭ ᠤᠨ ᠪᠡᠯᠡ ᠤᠷᠤᠭᠤᠯᠤᠨ 120 ᠢᠮᠠᠭ᠎ᠠ ᠬᠤᠳᠠᠯᠳᠤᠨ ᠠᠪᠴᠤ ᠢᠮᠠᠭ᠎ᠠ ᠮᠠᠯᠵᠢᠵᠤ ᠡᠬᠢᠯᠡᠭᠰᠡᠨ ᠪᠦᠭᠡᠳ ᠦᠩᠭᠡᠷᠡᠭᠰᠡᠨ ᠡᠪᠦᠯ 180 ᠭᠠᠷᠤᠢ ᠢᠮᠠᠭ᠎ᠠ ᠤᠨᠳᠤᠷᠤᠭᠰᠠᠨ ᠪᠠᠶᠢᠯ᠎ᠠ᠃       ᠮᠠᠯ ᠤᠨ ᠲᠤᠭ᠎ᠠ ᠪᠠᠨ ᠴᠦᠭᠡᠳᠬᠡᠭᠰᠡᠨ ᠢᠶᠠᠷ ᠮᠠᠯᠵᠢᠬᠤ ᠦᠢᠯᠡᠳᠪᠦᠷᠢᠯᠡᠯ ᠤᠨ ᠵᠠᠷᠤᠳᠠᠯ ᠨᠢ ᠪᠠᠭᠠᠰᠤᠭᠰᠠᠨ ᠴᠦ ᠭᠡᠷ ᠪᠦᠯᠢ ᠶᠢᠨ ᠤᠷᠤᠯᠭ᠎ᠠ ᠴᠦ ᠬᠢᠵᠠᠭᠠᠷ ᠲᠠᠢ ᠪᠤᠯᠪᠠ᠃ ᠡᠶᠢᠨᠬᠦ ᠠᠯᠳᠠᠠᠨᠠᠪᠴᠢ ᠠᠵᠢᠯ ᠤᠨ ᠴᠢᠯᠦᠭᠡ ᠵᠠᠪ ᠢᠶᠠᠷ ᠢᠶᠠᠨ ᠢᠰᠡᠭᠡᠢ ᠬᠠᠳᠬᠤᠮᠠᠯ ᠤᠷᠠᠯᠠᠨ ᠤᠶᠤᠵᠤ ᠰᠦᠯᠵᠢᠶ᠎ᠡ ᠬᠤᠯᠪᠤᠭ᠎ᠠ ᠪᠠᠷ ᠪᠤᠷᠤᠯᠠᠭᠤᠯᠵᠤ ᠡᠬᠢᠯᠡᠪᠡ᠃ ᠦᠵᠦᠮᠦᠴᠢᠨ ᠬᠠᠳᠬᠤᠮᠠᠯ ᠤᠨ ᠨᠢᠭᠡ ᠲᠦᠷᠦᠯ ᠪᠤᠯᠬᠤ ᠢᠰᠡᠬᠡᠢ ᠬᠠᠳᠬᠤᠮᠠᠯ ᠨᠢ ᠦᠩᠭᠡᠳᠦ ᠤᠳᠠᠰᠤ ᠪᠠᠷ ᠢᠰᠡᠬᠡᠢ ᠲᠡᠭᠡᠷ᠎ᠡ ᠤᠷᠠᠯᠠᠨ ᠬᠠᠳᠬᠤᠭᠰᠠᠨ ᠤᠷᠠᠯᠠᠯ ᠪᠠᠶᠢᠵᠤ᠂  ᠪᠠᠭ᠎ᠠ ᠨᠠᠰᠤᠨ ᠠᠴᠠ ᠪᠠᠨ ᠦᠢᠯᠡ ᠤᠶᠤᠳᠠᠯ ᠳᠤ ᠴᠠᠭᠠᠷᠠᠭᠰᠠᠨ ᠠᠯᠳᠠᠠᠨᠠᠪᠴᠢ ᠢᠰᠡᠭᠡᠢ ᠬᠠᠤᠬᠤᠮᠠᠯ᠂ ᠢᠰᠡᠭᠡᠢ ᠰᠢᠷᠢᠮᠡᠯ ᠤᠶᠤᠵᠤ ᠤᠷᠠᠯᠠᠵᠦ᠂ ᠡᠯᠭᠦᠮᠡᠯ ᠵᠢᠷᠤᠭ᠂ ᠪᠢᠷ ᠤᠨ ᠬᠠᠶᠢᠷᠴᠠᠭ᠂ ᠠᠶᠠᠭᠠᠨ ᠲᠠᠭᠠᠷᠴᠤᠭ ᠵᠡᠷᠭᠡ ᠠᠮᠢᠳᠤᠷᠠᠯ ᠤᠨ ᠬᠡᠷᠡᠭᠯᠡᠭᠡᠨ ᠤ ᠡᠳ᠋ᠯᠡᠯ ᠢ ᠤᠷᠠᠯᠠᠨ ᠤᠶᠤᠵᠤ ᠪᠤᠷᠤᠯᠠᠭᠤᠯᠤᠨ ᠤᠳᠤ ᠪᠤᠯᠬᠤ ᠳᠤ ᠢᠰᠡᠭᠡᠢ ᠬᠠᠤᠬᠤᠮᠠᠯ ᠤᠨ ᠤᠷᠤᠯᠭ᠎ᠠ ᠨᠢ ᠡᠳᠡᠨᠡᠶᠢᠬᠢᠨ ᠤ ᠪᠠᠰᠠ ᠨᠢᠭᠡ ᠴᠢᠬᠤᠯᠠ ᠤᠷᠤᠯᠭ᠎ᠠ ᠪᠤᠯᠪᠠ᠃     ᠰᠠᠶᠢᠰᠢᠶᠠᠯᠳᠤ ᠪᠦᠰᠡᠭᠦᠢ ᠲᠠᠢ ᠪᠠᠨ ᠶᠡᠷᠦ ᠨᠢ ᠴᠠᠭ ᠮᠦᠴᠡ ᠶᠢ ᠲᠠᠯᠠᠭᠠᠷ ᠦᠩᠭᠡᠷᠡᠭᠡᠳᠡᠭ ᠦᠭᠡᠢ᠂ ᠬᠢᠵᠦ ᠤᠷᠤᠯᠳᠤᠵᠤ ᠯᠠ ᠪᠠᠶᠢᠳᠠᠭ᠃ ᠰᠠᠶᠢᠰᠢᠶᠠᠯᠳᠤ ᠭᠡᠷ ᠤᠨ ᠭᠠᠳᠠᠨ᠎ᠠ ᠲᠤᠳᠤᠨ᠎ᠠ ᠶᠢᠨ ᠠᠵᠢᠯ ᠢᠶᠠᠨ ᠠᠮᠵᠢᠭᠤᠯᠤᠨ ᠬᠢᠬᠦ ᠶᠢᠨ ᠬᠠᠮᠳᠤ ᠨᠠᠮᠤᠷ ᠤᠨ ᠤᠯᠠᠷᠢᠯ ᠳᠤ ᠡᠪᠡᠰᠦ ᠬᠠᠳᠤᠯᠠᠩ ᠤᠨ ᠠᠵᠢᠯ ᠬᠢᠵᠦ᠂ ᠪᠦᠰᠡᠭᠦᠢ ᠠᠯᠳᠠᠠᠨᠠᠪᠴᠢ ᠨᠢ ᠢᠰᠡᠬᠡᠢ ᠬᠠᠳᠬᠤᠮᠠᠯ ᠢᠶᠠᠨ ᠤᠷᠠᠯᠠᠨ ᠤᠶᠤᠵᠤ ᠤᠯᠠᠨ ᠲᠠᠯ᠎ᠠ ᠪᠠᠷ ᠤᠷᠤᠯᠭ᠎ᠠ ᠡᠭᠦᠳᠦᠨ᠎ᠡ᠃ ᠡᠶᠢᠨᠬᠦ ᠮᠠᠯᠴᠢᠨ ᠰᠠᠶᠢᠰᠢᠶᠠᠯᠳᠤ ᠵᠤᠨ  ᠳᠠᠭᠠᠨ ᠢᠮᠠᠭᠠᠨ ᠨᠤᠤᠰᠤ ᠬᠤᠳᠠᠯᠳᠤᠭᠰᠠᠨ ᠤᠷᠤᠯᠭ᠎ᠠ᠂ ᠨᠠᠮᠤᠷ ᠳᠠᠭᠠᠨ ᠮᠠᠯ ᠤᠨᠤᠭ᠎ᠠ ᠬᠤᠳᠠᠯᠳᠤᠭᠰᠠᠨ ᠤᠷᠤᠯᠭ᠎ᠠ ᠤᠯᠬᠤ  ᠶᠢᠨ ᠬᠠᠮᠳᠤ᠂ ᠠᠷᠭ᠎ᠠ ᠤᠬᠠᠭᠠᠨ ᠰᠦᠪᠡᠭᠴᠢᠯᠡᠨ ᠮᠠᠯᠵᠢᠯ ᠤᠨ ᠪᠤᠰᠤ ᠤᠷᠤᠯᠭ᠎ᠠ ᠪᠠᠨ ᠨᠡᠮᠡᠭᠳᠡᠭᠦᠯᠵᠦ᠂ ᠤᠳᠤ ᠵᠢᠯ ᠳᠤ ᠪᠠᠭ᠎ᠠ ᠳᠠᠭᠠᠨ 10 ᠲᠦᠮᠡᠨ ᠲᠦᠭᠦᠷᠢᠭ ᠤᠨ ᠴᠡᠪᠡᠷ ᠤᠷᠤᠯᠭ᠎ᠠ ᠤᠯᠵᠤ ᠤᠬᠠᠭᠠᠨ ᠬᠦᠳᠡᠯᠮᠦᠷᠢ ᠪᠠᠷ ᠢᠶᠠᠨ ᠴᠢᠨᠡᠭᠡᠯᠢᠭ ᠠᠮᠢᠳᠤᠷᠠᠯ ᠢᠶᠠᠨ ᠴᠤᠠᠠᠴᠠᠯᠠᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号