ᠴᠡᠷᠢᠭ ᠤᠨ ᠬᠦᠷᠢᠶᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠬᠦᠨᠵᠡᠭᠡᠶᠢᠷᠡᠭᠦᠯᠦᠨ ᠪᠤᠲᠠᠲᠠᠶᠢᠵᠢᠭᠤᠯᠪᠠ
ᠨᠡᠶᠢᠲᠡᠯᠡᠭᠰᠡᠨ ᠴᠠᠭ᠄
2024/5/17
                ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠦᠷᠨᠢᠭᠦᠯᠬᠦ ᠶᠢᠨ ᠳᠤᠰᠠᠳᠠ᠂ 5 ᠰᠠᠷ᠎ᠠ ᠶᠢᠨ 15 ᠤ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠣᠶ︾ ᠭᠡᠬᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠡᠷᠢᠭ ᠤᠨ ᠬᠦᠷᠢᠶᠡᠨ ᠳᠤ ᠪᠡᠶᠡᠴᠢᠯᠡᠨ ᠣᠶᠢᠯᠠᠭᠠᠬᠤ ᠡᠳᠦᠷ ᠤᠨ ᠠᠵᠢᠯᠯᠠᠭ᠎ᠠ  ᠥᠷᠨᠢᠭᠦᠯᠵᠦ᠂ ᠥᠷᠭᠡᠨ ᠣᠯᠠᠨ ᠺᠠᠳ᠋ᠷ ᠠᠵᠢᠯᠲᠠᠳ ᠲᠤ ᠴᠡᠷᠢᠭ ᠤᠨ ᠬᠦᠷᠢᠶᠡᠨ ᠤ ᠠᠮᠢᠳᠤᠷᠠᠯ ᠢ ᠪᠡᠶᠡᠴᠢᠯᠡᠨ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠴᠡᠷᠢᠭ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃     ᠡᠩ ᠲᠡᠷᠢᠭᠦᠨ ᠳᠤ᠂ ᠡᠯ᠎ᠡ ᠪᠠᠶᠢᠭᠤᠯᠭ᠎ᠠ ᠶᠢᠨ ᠺᠠᠳ᠋ᠷ ᠠᠵᠢᠯᠲᠠᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠪᠠᠷᠠᠭᠤᠨ ᠦᠵᠦᠮᠦᠴᠢᠨ ᠬᠤᠰᠢᠭᠤᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠰᠣᠶᠣᠯ ᠤᠨ ᠦᠵᠡᠭᠦᠯᠦᠯᠭᠡ ᠶᠢ ᠲᠣᠭᠤᠷᠢᠨ ᠦᠵᠡᠵᠡᠢ᠃     ᠪᠠᠷᠠᠭᠤᠨ ᠦᠵᠦᠮᠦᠴᠢᠨ ᠬᠤᠰᠢᠭᠤᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠰᠣᠶᠣᠯ ᠤᠨ ᠦᠵᠡᠭᠦᠯᠦᠯᠭᠡ ᠪᠣᠯ ᠬᠤᠪᠢᠰᠬᠠᠯ ᠤᠨ ᠰᠤᠷᠭᠠᠨ ᠬᠥᠮᠦᠵᠢᠯ᠂ ᠲᠡᠦᠬᠡ ᠰᠣᠶᠣᠯ ᠤᠨ ᠤᠯᠠᠮᠵᠢᠯᠠᠯ ᠬᠢᠭᠡᠳ ᠣᠲᠣ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠶᠢᠯᠠᠭᠠᠭᠳᠠᠬᠤᠨ ᠤ ᠤᠯᠠᠮᠵᠢᠯᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠤᠷᠭᠠᠨ ᠬᠥᠮᠦᠵᠢᠯ ᠤᠨ ᠲᠠᠯᠠᠪᠤᠷ ᠪᠣᠯᠣᠨ᠎ᠠ ᠃ ᠡᠨᠡ ᠨᠢ ᠨᠠᠮ ᠤᠨ ᠲᠡᠦᠬᠡ ᠪᠣᠯᠣᠨ ᠴᠡᠷᠢᠭ ᠤᠨ ᠲᠡᠦᠬᠡ ᠶᠢᠨ ᠬᠤᠶᠠᠷ ᠶᠡᠭᠡ ᠭᠤᠣᠯ ᠰᠡᠳᠦᠪ ᠢ ᠠᠭᠤᠰᠤᠯᠴᠠᠭᠤᠯᠵᠤ᠂ ᠨᠢᠭᠡᠳᠦᠭᠡᠷ ᠬᠡᠰᠡᠭ ᠨᠢ ᠨᠠᠮ ᠤᠨ ᠲᠡᠦᠬᠡ ᠰᠣᠶᠣᠯ  ᠤᠨ ᠠᠭᠤᠯᠭ᠎ᠠ ᠶᠢ ᠬᠠᠮᠤᠷᠴᠤ᠂ ᠭᠤᠣᠯᠳᠠᠭᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠨᠳᠦᠯᠡᠭᠰᠡᠨ ᠪᠠ ᠪᠦᠬᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠲᠤᠭᠠᠴᠢᠨ᠂ ᠬᠤᠶᠠᠳᠤᠭᠠᠷ ᠪᠦᠯᠦᠭ ᠨᠢ ᠴᠡᠷᠢᠭ ᠤᠨ ᠲᠡᠦᠬᠡ ᠰᠣᠶᠣᠯ᠂ ᠭᠤᠣᠯᠳᠠᠭᠤ ᠠᠷᠠᠳ ᠤᠨ ᠴᠡᠷᠢᠭ ᠠᠩᠭᠢ ᠨᠠᠮ ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠰᠢᠨ᠎ᠡ ᠴᠠᠭ ᠦᠶ᠎ᠡ ᠳᠤ ᠣᠷᠣᠵᠤ᠂ ᠪᠦᠬᠦ ᠴᠡᠷᠢᠭ ᠤᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠮ ᠢᠶᠠᠷ ᠴᠡᠷᠢᠭ ᠢ ᠬᠦᠴᠦᠷᠬᠡᠭᠵᠢᠭᠦᠯᠬᠦ ᠰᠢᠨ᠎ᠡ ᠠᠶᠠᠨ ᠳᠤ ᠲᠣᠮᠣ ᠠᠯᠬᠤᠮ ᠢᠶᠠᠷ ᠤᠷᠤᠭᠰᠢᠯᠠᠭᠰᠠᠨ ᠢ ᠨᠠᠷᠢᠯᠢᠭ ᠲᠠᠶᠢᠯᠪᠤᠷᠢᠯᠠᠭᠰᠠᠨ ᠪᠠᠶᠢᠨ᠎ᠠ᠃     ᠳᠠᠷᠠᠭ᠎ᠠ ᠨᠢ ᠪᠣᠯᠪᠠᠰᠤᠷᠠᠯ ᠤᠨ ᠲᠠᠯᠠᠪᠠᠢ ᠳᠤ᠂ ᠰᠤᠷᠭᠠᠭᠴᠢ ᠠᠴᠠ ᠤᠯᠠᠨ ᠳᠤ ᠡᠯ᠎ᠡ ᠵᠦᠢᠯ ᠤᠨ ᠵᠡᠪᠰᠡᠭ ᠲᠣᠨᠣᠭᠯᠠᠯ ᠢ ᠨᠠᠷᠢᠨ ᠲᠠᠨᠢᠯᠴᠠᠭᠤᠯᠵᠤ᠂ ᠺᠠᠳ᠋ᠷ ᠠᠵᠢᠯᠲᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠤᠷᠤᠯᠴᠠᠬᠤ ᠤᠷᠮ᠎ᠠ ᠪᠠᠬ᠎ᠠ ᠶᠢ ᠶᠡᠭᠡ ᠪᠠᠷ ᠨᠡᠮᠡᠭᠳᠡᠭᠦᠯᠵᠦ᠂ ᠫᠤᠤ ᠵᠡᠪᠰᠡᠭ ᠤᠨ ᠪᠦᠲᠦᠴᠡ ᠶᠢ ᠳᠡᠯᠭᠡᠨ ᠦᠵᠡᠭᠦᠯᠬᠦ  ᠶᠠᠪᠤᠴᠠ ᠳᠤ᠂ ᠺᠠᠳ᠋ᠷ ᠠᠵᠢᠯᠲᠠᠨ ᠰᠤᠷᠭᠠᠭᠴᠢ ᠶᠢᠨ ᠵᠢᠯᠣᠭᠤᠳᠤᠯᠭ᠎ᠠ ᠳᠣᠣᠷ᠎ᠠ᠂ ᠡᠯ᠎ᠡ ᠵᠦᠢᠯ ᠤᠨ ᠵᠡᠪᠰᠡᠭ ᠤᠨ ᠬᠡᠷᠡᠭᠯᠡᠯᠲᠡ ᠶᠢᠨ ᠬᠥᠳᠡᠯᠭᠡᠭᠡᠨ ᠢ ᠪᠡᠶᠡᠴᠢᠯᠡᠨ ᠣᠶᠢᠯᠠᠭᠠᠵᠠᠢ᠃ ᠪᠠᠰᠠ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠬᠥᠮᠥᠷᠭᠡ ᠶᠢ ᠲᠣᠭᠤᠷᠢᠨ ᠦᠵᠡᠭᠰᠡᠨ ᠪᠥᠭᠡᠳ ᠵᠢᠭᠰᠠᠭᠠᠯ ᠤᠨ ᠲᠣᠭᠯᠠᠯᠲᠠ ᠭᠠᠷᠭᠠᠵᠤ᠂ ᠴᠡᠷᠢᠭ ᠠᠩᠭᠢ ᠶᠢᠨ ᠲᠥᠪ ᠴᠢᠩᠭ᠎ᠠ ᠰᠠᠬᠢᠯᠭ᠎ᠠ ᠪᠠᠲᠤ ᠪᠠ ᠰᠢᠯᠢᠳᠡᠭ ᠰᠤᠷᠲᠠᠯ ᠢ ᠺᠠᠳ᠋ᠷ ᠠᠵᠢᠯᠲᠠᠳ ᠲᠤ ᠭᠦᠨᠵᠡᠭᠡᠢ ᠣᠶᠢᠯᠠᠭᠠᠭᠤᠯᠪᠠ᠃     ᠤᠯᠤᠰ ᠤᠨ ᠪᠠᠲᠤᠯᠠᠨ ᠬᠠᠮᠠᠭᠠᠯᠠᠯᠲᠠ ᠪᠣᠯ ᠨᠢᠭᠡ ᠤᠯᠤᠰ ᠤᠨ ᠦᠨᠳᠦᠰᠦ ᠮᠥᠨ᠂ ᠡᠨᠡ ᠤᠳᠠᠭᠠᠨ ᠤ ᠠᠵᠢᠯᠯᠠᠭ᠎ᠠ ᠨᠢ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠰᠡᠳᠬᠢᠯᠭᠡ ᠪᠠ ᠪᠦᠬᠦ ᠠᠷᠠᠳ ᠢᠶᠠᠷ ᠢᠶᠠᠨ ᠰᠡᠳᠬᠢᠯ ᠨᠢᠭᠡᠳᠦᠨ ᠤᠯᠤᠰ  ᠤᠨ ᠪᠠᠲᠤᠯᠠᠨ ᠬᠠᠮᠠᠭᠠᠯᠠᠯᠲᠠ ᠶᠢ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃     ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠺᠠᠳ᠋ᠷ ᠠᠵᠢᠯᠲᠠᠳ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号