ᠪᠠᠷᠠᠭᠤᠨ ᠦᠵᠦᠮᠦᠴᠢᠨ ᠬᠤᠰᠢᠭᠤ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 17᠎ ᠤ ᠡᠳᠦᠷ᠂ ᠪᠠᠷᠠᠭᠤᠨ ᠦᠵᠦᠮᠦᠴᠢᠨ  ᠬᠤᠰᠢᠭᠤ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠮᠣᠩᠭᠤᠯ ᠮᠣᠷᠢᠨ ᠤ ᠬᠤᠯᠪᠤᠭᠠᠳᠣ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠠᠵᠢᠯ ᠤᠨ ᠬᠤᠪᠢᠶᠠᠷᠢᠯᠠᠯ᠂ ᠤᠷᠤᠯᠳᠤᠭᠠᠨ ᠤ ᠳᠦᠷᠢᠮ ᠤᠨ ᠶᠠᠪᠤᠴᠠ ᠵᠡᠷᠭᠡ ᠳᠤ ᠨᠠᠷᠢᠨ ᠪᠠᠶᠢᠷᠢᠯᠠᠭᠤᠯᠤᠯᠲᠠ ᠬᠢᠪᠡ᠃
     ᠬᠤᠷᠠᠯ ᠠᠴᠠ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠎ ᠢᠶᠠᠷ ᠠᠵᠠ ᠲᠣᠬᠢᠶᠠᠯ ᠪᠣᠯᠭᠠᠵᠤ᠂ ᠠᠳᠤᠭᠤᠨ ᠰᠣᠶᠣᠯ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠳᠤᠭᠤᠨ ᠤ ᠦᠷᠡᠵᠢᠭᠦᠯᠦᠯᠲᠡ᠂ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ᠂ ᠤᠷᠤᠯᠳᠤᠭᠠᠨ᠂ ᠰᠡᠯᠡᠭᠦᠴᠡᠯ ᠵᠤᠭᠠᠴᠠᠯ᠂ ᠰᠣᠶᠣᠯ ᠤᠯᠠᠮᠵᠢᠯᠠᠯ ᠵᠡᠷᠭᠡ ᠶᠢ ᠬᠠᠮᠤᠷᠤᠭᠰᠠᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠣᠶᠣᠯ ᠎ ᠢᠶᠠᠷ ᠵᠢᠭᠤᠯᠴᠢᠯᠠᠯ ᠢ ᠠᠬᠢᠭᠤᠯᠤᠨ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠨ᠂ ᠠᠮᠤᠷ ᠲᠦᠪᠰᠢᠨ᠂ ᠳᠥᠭᠦᠮ ᠳᠥᠲᠡ᠂ ᠭᠤᠶᠢᠳᠠ ᠰᠠᠶᠢᠬᠠᠨ ᠤᠷᠤᠯᠳᠤᠭᠠᠨ ᠡᠷᠭᠢᠯᠡᠬᠦ ᠵᠠᠷᠴᠢᠮ ᠢ ᠪᠠᠷᠢᠮᠲᠠᠯᠠᠵᠤ᠂ ᠵᠢᠭᠤᠯᠴᠢᠯᠠᠯ  ᠪᠣᠷᠤᠯᠠᠭᠤᠯᠭ᠎ᠠ ᠶᠢ ᠠᠬᠢᠭᠤᠯᠤᠨ ᠲᠠᠶᠢᠴᠢᠯᠠᠵᠦ᠂ ᠠᠷᠠᠳ ᠣᠯᠠᠨ ᠤ ᠰᠣᠶᠣᠯ ᠲᠠᠮᠢᠷ ᠪᠠ ᠵᠢᠭᠤᠯᠴᠢᠯᠠᠯ ᠳᠤ ᠣᠷᠣᠯᠴᠠᠬᠤ ᠤᠷᠮᠠᠰᠢᠯ ᠢ ᠲᠠᠰᠤᠷᠠᠯᠲᠠ ᠦᠭᠡᠢ ᠲᠡᠭᠡᠭᠰᠢᠯᠠᠬᠦᠯᠬᠦ ᠬᠡᠷᠡᠭᠳᠠᠢ ᠬᠡᠵᠡᠢ᠃
       ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠤᠷᠤᠯᠳᠤᠭᠠᠨ ᠳᠤ 2 ᠲᠥᠷᠥᠯ ᠤᠨ 8 ᠤᠷᠤᠯᠳᠣᠭᠠᠨ ᠲᠤᠬᠢᠷᠠᠭᠤᠯᠤᠨ᠂ ᠡᠭᠦᠨ ᠳᠤ ᠬᠤᠷᠳᠤᠴᠠ ᠰᠢᠯᠭᠠᠬᠤ ᠤᠷᠤᠯᠳᠤᠭᠠᠨ ᠳᠤ ᠮᠣᠩᠭᠤᠯ ᠮᠣᠷᠢᠨ ᠤ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 30 ᠭᠠᠵᠠᠷ ᠤᠨ ᠬᠦᠴᠦᠨ ᠵᠠᠯᠭᠠᠬᠤ ᠤᠷᠤᠯᠳᠤᠭᠠᠨ ᠪᠠᠭᠳᠠᠵᠦ᠂ ᠮᠠᠷᠬᠡᠵᠢᠯ ᠰᠢᠯᠭᠠᠬᠤ ᠤᠷᠤᠯᠳᠤᠭᠠᠨ ᠳᠤ ᠡᠮᠨᠢᠭ ᠰᠤᠷᠭᠠᠬᠤ ᠤᠷᠤᠯᠳᠤᠭᠠᠨ᠂ ᠴᠡᠭ ᠲᠤᠭᠤᠷᠢᠬᠤ ᠤᠷᠤᠯᠳᠤᠭᠠᠨ᠂ ᠬᠠᠳᠠᠭ ᠰᠢᠬᠦᠷᠡᠬᠦ   ᠤᠷᠤᠯᠳᠤᠭᠠᠨ᠂ ᠨᠠᠮᠨᠠᠬᠤ ᠤᠷᠤᠯᠳᠤᠭᠠᠨ᠂ ᠭᠠᠩᠭᠠᠩ ᠬᠦᠯᠦᠭ ᠤᠨ ᠰᠢᠯᠭᠠᠷᠠᠭᠤᠯᠤᠯᠳᠠ᠂ ᠰᠠᠭᠠᠳ ᠳᠠᠪᠠᠭ᠋ᠤ ᠤᠷᠤᠯᠳᠤᠭᠠᠨ ᠤ ᠤᠷᠤᠯᠳᠤᠭᠠᠨ ᠵᠡᠷᠬᠡ ᠪᠠᠭᠳᠠᠨ᠎ᠠ᠃ ᠤᠷᠤᠯᠳᠤᠭᠠᠨ ᠢ ᠭᠠᠴᠠᠭ᠎ᠠ᠂ ᠰᠤᠮᠤ ᠪᠠᠯᠭᠠᠰᠣ᠂ ᠬᠤᠰᠢᠭᠤ ᠰᠢᠶᠠᠨ ᠂ ᠠᠶᠢᠮᠠᠭ ᠵᠡᠷᠬᠡ ᠳᠥᠷᠪᠡᠨ ᠲᠠᠰ ᠬᠤᠪᠢᠶᠠᠨ ᠶᠠᠪᠤᠭᠳᠠᠭᠤᠯᠤᠨ᠂ ᠭᠠᠴᠠᠭᠠᠨ ᠤ ᠲᠠᠰ ᠤᠨ ᠤᠷᠤᠯᠳᠤᠭᠠᠨ ᠢ 5 ᠰᠠᠷ᠎ᠠ ᠶᠢᠨ 19᠎ ᠤ ᠡᠳᠦᠷ ᠠᠴᠠ ᠡᠬᠢᠯᠠᠵᠦ ᠶᠠᠪᠤᠭᠳᠠᠭᠤᠯᠬᠤ ᠪᠤᠯᠤᠨ᠎ᠠ᠃         ᠮᠠᠨ ᠤ ᠬᠤᠰᠢᠭᠤ ᠭᠠᠴᠠᠭᠠᠨ ᠤ ᠲᠠᠰ ᠤᠨ ᠤᠷᠤᠯᠳᠤᠭᠠᠨ ᠢ ᠨᠡᠶᠢᠲᠡ 12 ᠲᠠᠯᠠᠪᠤᠷ ︵ᠰᠤᠮᠤ ᠪᠠᠯᠭᠠᠰᠤ ᠪᠦᠷᠢ ᠳᠤ ᠲᠣᠰᠪᠣᠷᠢ 2 ᠲᠠᠯᠠᠪᠤᠷ︶ ᠲᠣᠬᠢᠷᠠᠭᠤᠯᠵᠤ᠂ ᠰᠤᠮᠤ ᠪᠠᠯᠭᠠᠰᠤᠨ ᠤ ᠲᠠᠰ ᠤᠨ ᠤᠷᠤᠯᠳᠤᠭᠠᠨ ᠢ 6 ᠲᠠᠯᠠᠪᠤᠷ ︵ᠰᠤᠮᠤ ᠪᠠᠯᠭᠠᠰᠤ ᠪᠦᠷᠢ ᠳᠤ 1 ᠲᠠᠯᠠᠪᠤᠷ︶᠂  ᠬᠤᠰᠢᠭᠤ ᠲᠠᠰ ᠤᠨ ᠤᠷᠤᠯᠳᠤᠭᠠᠨ ᠢ 1 ᠲᠠᠯᠠᠪᠤᠷ ᠲᠤᠬᠢᠷᠠᠭᠤᠯᠵᠦ᠂ ᠳᠡᠰ ᠪᠦᠷᠢ ᠶᠢᠨ ᠤᠷᠤᠯᠳᠤᠭᠠᠨ ᠤ ᠵᠦᠢᠯ ᠢ ᠦᠨᠳᠦᠰᠦᠯᠡᠨ ᠨᠡᠷᠡᠰ ᠤᠨ ᠳᠠᠷᠠᠭᠠᠯᠠᠯ ᠳᠤ ᠰᠣᠩᠭᠤᠨ ᠰᠢᠯᠭᠠᠷᠠᠭᠤᠯᠤᠨ᠎ᠠ᠂ ᠡᠭᠦᠨ ᠳᠤ ᠠᠯᠤᠰ ᠤᠨ ᠮᠤᠷᠢᠨ ᠤ ᠤᠷᠤᠯᠳᠤᠭᠠᠨ ᠤ ᠲᠦᠷᠦᠭᠦᠦ 10 ᠨᠡᠷᠡᠰ ᠢ ᠰᠣᠩᠭᠤᠨ᠂ ᠬᠦᠴᠦᠨ ᠵᠠᠯᠭᠠᠬᠤ ᠤᠷᠤᠯᠳᠤᠭᠠᠨ ᠤ ᠲᠦᠷᠦᠭᠦᠦ 3 ᠨᠡᠷᠡᠰ ᠢ ᠰᠣᠩᠭᠤᠨ᠂ ᠪᠤᠰᠤᠳ ᠤᠷᠤᠯᠳᠤᠭᠠᠨ ᠨᠢ ᠲᠦᠷᠦᠭᠦᠦ 3 ᠨᠡᠷᠡᠰ ᠢ ᠰᠣᠩᠭᠤᠨ ᠲᠡᠪᠰᠢᠬᠦᠯᠬᠦ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号