ᠦᠢᠯᠡᠰ ᠢᠶᠠᠨ ᠲᠡᠭᠡᠳᠦᠯᠡᠭᠰᠡᠨ ᠵᠠᠯᠠᠭᠤ ᠬᠤᠤᠰ ᠤᠨ ᠵᠢᠷᠭᠠᠯᠲᠤ ᠠᠮᠢᠳᠤᠷᠠᠯ
ᠨᠡᠶᠢᠲᠡᠯᠡᠭᠰᠡᠨ ᠴᠠᠭ᠄
2024/5/20
    ᠬᠤᠪᠤᠷᠴᠡᠴᠡᠭ ᠪᠤᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠴᠢᠯᠠᠭᠤᠲᠤ ᠭᠠᠴᠠᠭᠠᠨ ᠤ ᠵᠢᠷ ᠤᠨ ᠨᠢᠬᠡᠨ ᠮᠠᠯᠴᠢᠨ ᠪᠦᠰᠡᠬᠦᠢ ᠶᠤᠮ᠃ ᠲᠡᠷᠡᠪᠡᠷ ᠨᠦᠬᠦᠷ ᠲᠠᠢ ᠪᠠᠨ ᠬᠤᠶᠠᠭᠤᠯᠠ ᠶᠡᠭᠡ ᠰᠤᠷᠭᠠᠭᠤᠯᠢ ᠪᠠᠨ ᠲᠡᠭᠦᠰᠭᠡᠭᠡᠳ ᠬᠤᠰᠢᠭᠤᠨ ᠲᠦᠪ ᠪᠠᠯᠭᠠᠷᠭᠤᠤᠯ ᠪᠠᠯᠭᠠᠰᠤᠨ ᠳᠤ ᠬᠡᠳᠦᠨ ᠵᠢᠯ ᠪᠤᠷᠳᠤᠭᠠᠨ ᠤ ᠲᠡᠯᠭᠡᠭᠦᠷ ᠡᠷᠬᠢᠯᠡᠵᠦ ᠪᠠᠶᠢᠭᠰᠠᠨ ᠢᠶᠠᠨ ᠲᠤᠭᠤᠷᠭ᠎ᠠ ᠲᠤᠰᠠᠭᠠᠷᠯᠠᠨ ᠠᠶᠢᠯ ᠡᠷᠦᠬᠡ ᠪᠤᠯᠵᠤ᠂ ᠬᠦᠳᠡᠭᠡ ᠨᠤᠳᠤᠭ ᠲᠠᠭᠠᠨ ᠰᠢᠨ᠎ᠡ ᠮᠠᠯᠴᠢᠨ ᠤ ᠡᠩᠨᠡᠭᠡᠨ ᠳᠤ ᠬᠢᠯᠠᠷᠠᠭᠤᠯᠵᠤ ᠶᠠᠪᠤᠭ᠎ᠠ ᠨᠢ ᠡᠨᠡ ᠪᠢᠯᠡ᠃     ᠰᠢᠨ᠎ᠡ ᠴᠠᠭ ᠦᠶ᠎ᠡ ᠶᠢᠨ ᠵᠠᠯᠠᠭᠤ ᠮᠠᠯᠴᠢᠨ ᠪᠤᠯᠤᠭᠰᠠᠨ ᠤ ᠬᠤᠪᠢ ᠳᠤ ᠬᠤᠪᠤᠷᠴᠡᠴᠡᠭ ᠨᠦᠬᠦᠷ ᠲᠠᠢ ᠪᠠᠨ ᠬᠤᠶᠠᠭᠤᠯᠠ ᠠᠮᠢᠳᠤᠷᠠᠯ ᠳᠠᠭᠠᠨ ᠦᠷᠭᠦᠯᠵᠢ ᠰᠢᠨ᠎ᠡ ᠶᠢ ᠰᠡᠳᠬᠢᠨ ᠰᠢᠭᠤᠷᠬᠠᠶᠢᠯᠠᠨ ᠠᠵᠢᠯᠯᠠᠵᠤ᠂ ᠮᠠᠯ ᠤᠨᠤᠭ᠎ᠠ ᠪᠠᠨ  ᠤᠳᠤᠬᠢᠴᠢᠯᠠᠭᠰᠠᠨ ᠠᠷᠭ᠎ᠠ ᠮᠠᠶ᠋ᠢᠭ ᠢᠶᠠᠷ ᠮᠠᠯᠵᠢᠬᠤ ᠶᠢᠨ ᠲᠠᠭᠠᠤ ᠠᠵᠢᠯ ᠤᠨ ᠰᠡᠯᠡᠬᠦᠦ ᠴᠠᠭ ᠢᠶᠠᠷ ᠶᠠᠭᠤ ᠨᠢᠭᠡ ᠶᠢ ᠬᠢᠵᠦ᠂ ᠠᠮᠢᠳᠤᠷᠠᠯ ᠳᠠᠭᠠᠨ ᠲᠤᠰᠠ ᠲᠡᠮ ᠦᠵᠡᠬᠦᠯᠬᠦ ᠶᠢ ᠵᠦᠪᠳᠡᠨ ᠡᠷᠢᠯᠬᠢᠯᠡᠳᠡᠭ ᠤᠨ ᠤᠴᠢᠷ᠂ ᠴᠠᠭ ᠦᠶ᠎ᠡ ᠶᠢᠨ ᠤᠷᠤᠰᠬᠠᠯ ᠳᠤ ᠵᠤᠬᠢᠴᠠᠭᠰᠠᠨ ᠵᠠᠯᠠᠭᠤ ᠡᠮᠡᠭᠳᠠᠶᠢᠴᠦᠳ ᠤᠨ ᠵᠠᠰᠠᠯ ᠵᠡᠮᠰᠡᠭ ᠤᠨ ᠵᠦᠢᠯᠡᠰ ᠵᠠᠬ᠎ᠠ ᠲᠡᠯᠭᠡᠭᠦᠷ ᠲᠤ  ᠬᠦᠷᠢᠶᠡᠯᠡᠯ ᠲᠠᠢ ᠪᠠᠶᠢᠭ᠎ᠠ ᠠᠰᠢᠭᠲᠠᠢ ᠲᠤᠬᠢᠶᠠᠯ ᠢ ᠠᠮᠵᠢᠭᠤᠯᠤᠨ᠂ ᠨᠠᠶᠢᠵᠠ ᠶᠢᠨ ᠲᠤᠭᠤᠷᠢᠭ᠂ ᠲᠢᠺ ᠲᠤᠺ᠂ ᠬᠤᠯᠪᠤᠭ᠎ᠠ ᠰᠦᠯᠵᠢᠶ᠎ᠡ ᠶᠢ ᠴᠢᠳᠠᠪᠤᠷᠢᠯᠠᠭ ᠠᠰᠢᠭᠯᠠᠵᠤ᠂ ᠦᠪᠡᠷᠳᠡᠬᠡᠨ ᠵᠢᠷᠤᠵᠤ ᠲᠦᠰᠦᠪᠯᠡᠨ᠂ ᠨᠠᠷᠢᠯᠢᠭ ᠬᠢᠴᠡ ᠲᠠᠢ᠂ ᠦᠨ᠎ᠡ ᠬᠠᠩᠰᠢ ᠲᠤᠬᠢᠷᠠᠮᠵᠢᠲᠠᠢ ᠤᠯᠠᠨ ᠲᠦᠷᠦᠯ ᠤᠨ ᠲᠤᠯᠤᠭᠠᠢ ᠶᠢᠨ ᠵᠠᠰᠠᠯ᠂ ᠡᠭᠡᠮᠦᠭ᠂ ᠪᠦᠬᠡᠵᠢ ᠵᠡᠷᠭᠡ ᠶᠢ ᠤᠷᠠᠯᠠᠵᠤ ᠪᠦᠳᠦᠭᠡᠭᠳᠡᠭᠦᠨ ᠪᠤᠯᠭᠠᠵᠤ  ᠪᠤᠷᠤᠯᠠᠭᠤᠯᠤᠭᠠᠳ ᠬᠡᠷᠡᠭᠯᠡᠭᠴᠢᠳ ᠤᠨ  ᠬᠦᠷᠢᠶᠡᠯᠡᠯ ᠢ ᠤᠯᠵᠤ᠂ ᠮᠠᠯᠵᠢᠯ ᠤᠨ ᠪᠤᠰᠤ ᠤᠷᠤᠯᠭ᠎ᠠ ᠡᠬᠦᠳᠴᠦ᠂ ᠠᠵᠤ ᠠᠮᠢᠳᠤᠷᠠᠯ ᠢᠶᠠᠨ ᠦᠭᠡᠲᠡ ᠨᠢ ᠲᠠᠳᠠᠵᠤ ᠶᠠᠪᠤᠨ᠎ᠠ᠃     ︽ᠰᠠᠨᠠᠵᠤ ᠶᠠᠪᠤᠪᠠᠯ ᠪᠦᠳᠦᠨ᠎ᠡ᠂ ᠰᠠᠵᠢᠯᠠᠵᠤ ᠶᠠᠪᠤᠪᠠᠯ ᠬᠦᠷᠦᠨ᠎ᠡ︾ ᠬᠡᠳᠡᠭᠴᠢᠯᠡᠨ᠂  ᠬᠤᠪᠤᠷᠴᠡᠴᠡᠭ ᠨᠠᠰᠤᠨ ᠤ ᠵᠠᠯᠠᠭᠤ ᠶᠢ ᠠᠮᠵᠢᠨ᠂ ᠡᠷᠳᠡᠯᠡᠵᠦ ᠤᠷᠤᠶᠢᠯᠠᠨ ᠰᠢᠷᠭᠠᠭᠠᠤ ᠬᠦᠳᠡᠯᠮᠦᠷᠢᠯᠡᠵᠦ᠂ ᠠᠮᠢᠳᠤᠷᠠᠯ ᠦᠢᠯᠡᠰ ᠢᠶᠠᠨ ᠦᠬᠡᠲᠡ ᠨᠢ ᠲᠠᠳᠠᠵᠤ᠂ ᠠᠵᠠ ᠵᠢᠷᠭᠠᠯᠲᠤ ᠠᠮᠢᠳᠤᠷᠠᠯ ᠢᠶᠠᠨ ᠴᠤᠭᠴᠠᠯᠠᠨ᠂ ᠦᠶ᠎ᠡ ᠶᠢᠨ ᠤᠯᠠᠨ ᠵᠠᠯᠠᠭᠤᠴᠤᠳ ᠲᠠᠭᠠᠨ ᠲᠠᠭᠤᠷᠢᠶᠠᠯ ᠪᠤᠯᠵᠤ ᠬᠢᠯᠠᠷᠠᠭᠤᠯᠤᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号