ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ | 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶ ᠢ | ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ | ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠣᠷᠣᠨ ᠤ | ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ ᠠᠰᠠᠭᠤᠳᠠᠯ ᠤᠳ ᠢ | ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠪᠣᠰᠬᠠᠵᠤ ᠳᠠᠷᠠᠭ᠎ᠠ ᠨᠢ ᠰᠢᠪᠲᠤᠯᠬᠤ︾ ᠵᠠᠷᠴᠢᠮ ᠶᠣᠰᠣᠭᠠᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ | ᠨᠢᠭᠡᠨ ᠵᠤᠷᠪᠤᠰ︾ ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠰᠠᠭᠤᠷᠢ ᠪᠣᠯᠭᠠᠨ᠂ ︽ᠡᠷᠭᠢᠯᠳᠦᠭᠦᠯᠬᠦ - ᠳᠠᠷᠢᠬᠤ - ᠪᠣᠯᠪᠠᠰᠤᠷᠠᠭᠤᠯᠬᠤ - ᠦᠢᠯᠡᠴᠢᠯᠡᠬᠦ - | ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ | ᠬᠡᠯᠪᠡᠷᠢ ᠶᠢᠨ ᠶᠡᠭᠡ ᠬᠤᠪᠢᠰᠤᠯᠲᠠ ᠶᠢ ᠠᠬᠢᠭᠤᠯᠵᠠᠢ᠃ | ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠠᠢ ᠬᠠᠷᠢᠴᠠᠭᠤᠯᠪᠠᠯ ᠶᠠᠮᠠᠷ ᠶᠠᠮᠠᠷ | ᠬᠤᠪᠢᠷᠠᠯᠲᠠ ᠲᠠᠢ ᠪᠤᠢ︖ | ︽ᠮᠡᠳᠡᠭᠳᠡᠯ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ | ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ | ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ | ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ ᠬᠤᠶᠠᠷ ᠲᠤ | ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ ᠲᠡᠳᠬᠦᠮᠵᠢ ᠶᠢ | ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ | ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ | ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ | ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ | ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃ | ᠭᠤᠷᠪᠠ᠂ ᠭᠤᠣᠯ ᠠᠭᠤᠯᠭ᠎ᠠ | ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ ᠳᠥᠷᠪᠡ ᠶᠢ | ᠠᠳᠬᠤᠬᠤ ᠭᠤᠷᠪᠠ ᠶᠢ ᠪᠠᠲᠤᠯᠠᠬᠤ︾ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ︾ ᠪᠣᠯ ︽ᠪᠠᠷᠢᠮᠵᠢᠶ᠎ᠠ ᠶᠢ | ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ ᠲᠣᠭᠲᠠᠭᠠᠬᠤ︾᠂ ︽ᠳᠥᠷᠪᠡ ᠶᠢ | ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ | ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ︾᠂ ︽ᠭᠤᠷᠪᠠ ᠶᠢ ᠪᠠᠲᠤᠯᠠᠬᠤ︾ ᠪᠣᠯ ︽ᠪᠡᠯᠡ ᠮᠥᠩᠭᠦᠨ ᠤ | ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃ | ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ᠨᠥᠬᠦᠪᠦᠷᠢ | ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ ᠠᠷᠭ᠎ᠠ ᠵᠠᠮ ᠢ | ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ | ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂ | ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ | ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ᠭᠤᠷᠪᠠ ᠶᠢ | ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ ᠨᠢᠭᠡ ᠶᠢ ᠰᠢᠨᠡᠳᠬᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ | ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ︾ ᠶᠢ ᠪᠡᠶᠡᠯᠡᠭᠦᠯᠦᠨ᠎ᠡ᠃ ᠭᠤᠷᠪᠠ ᠳᠤ | ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ | ᠬᠠᠮᠢᠶᠠᠷᠴᠤ᠂ ᠣᠯᠠᠨ ᠲᠦᠮᠡᠨ ᠢ ᠤᠳᠤᠷᠢᠳᠤᠨ ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ | ᠲᠣᠭᠲᠠᠭᠠᠬᠤ᠂ ᠲᠤᠬᠠᠶᠢᠯᠠᠪᠠᠯ ︽ᠱᠠᠩᠨᠠᠬᠤ ᠲᠣᠭᠲᠠᠴᠠ ᠶᠢ ᠪᠠᠶᠢᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤ ᠵᠢᠯ ᠪᠦᠷᠢ 2000 ᠲᠦᠮᠡᠨ ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ | ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ | ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃ | ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ | ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ | ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ︾ | ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ ᠭᠠᠵᠠᠷ | ᠰᠣᠩᠭᠤᠬᠤᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ | ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠶᠢ ᠵᠢᠷᠤᠮᠵᠢᠭᠤᠯᠵᠤ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠳᠣᠣᠷᠠᠳᠤ | ᠬᠢᠵᠠᠭᠠᠷ ᠢ ᠲᠣᠳᠣᠷᠬᠠᠶᠢᠯᠠᠨ᠂ ᠡᠯᠧᠺᠲᠷᠣᠨ ᠳᠠᠭᠠᠭᠠᠴᠢᠯᠠᠯᠲᠠ ᠵᠠᠷᠯᠠᠬᠤ᠂ ᠣᠨᠳᠣᠣ ᠭᠠᠵᠠᠷ ᠲᠤ ᠳᠠᠭᠠᠭᠠᠴᠢᠯᠠᠯᠲᠠ | ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ ᠠᠪᠬᠤ ᠶᠢ | ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ︾᠂ ᠡᠯ᠎ᠡ ᠱᠠᠲᠤᠨ ᠤ ᠰᠢᠯᠭᠠᠨ | ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ ᠲᠡᠩᠴᠡᠬᠦ ᠦᠭᠡᠢ ᠶᠢ ᠨᠢ | ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ ᠬᠠᠮᠠᠭᠠᠯᠠᠬᠤ ᠶᠢ ᠠᠳᠬᠤᠬᠤ᠂ | ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ | ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ︾᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ | ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ | ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ | ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃ | ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ ᠮᠥᠩᠭᠦᠨ ᠤ | ᠬᠠᠮᠢᠶᠠᠷᠤᠯᠲᠠ ᠶᠢ ᠴᠢᠩᠭᠠᠳᠬᠠᠵᠤ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ ᠨᠢᠭᠡ ᠵᠥᠪᠯᠡᠵᠦ︾᠂ | ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾᠂ ᠲᠤᠰᠠᠭᠠᠷ ᠵᠠᠷᠤᠳᠠᠯ ᠤᠨ | ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ ᠵᠣᠭᠤᠰ ᠢ ᠱᠠᠲᠤ ᠬᠤᠪᠢᠶᠠᠨ | ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠪᠠᠲᠤᠯᠠᠵᠤ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠥᠪᠡᠷ ᠤᠨ | ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ᠨᠢᠭᠡ ᠶᠢ ᠪᠠᠶᠢᠭᠤᠯᠪᠠᠯ ᠨᠢᠭᠡ ᠶᠢ | ᠪᠦᠲᠦᠭᠡᠨ᠎ᠡ︾᠃ ᠭᠤᠷᠪᠠ ᠳᠤ ᠲᠣᠭᠲᠠᠴᠠ ᠶᠢᠨ ᠪᠠᠲᠤᠯᠠᠭ᠎ᠠ᠂ ᠲᠤᠬᠠᠶᠢᠯᠠᠪᠠᠯ ︽ᠥᠭᠡᠷᠡᠴᠢᠯᠡᠯᠲᠡ ᠰᠢᠨᠡᠴᠢᠯᠡᠯᠲᠡ ᠶᠢ | ᠭᠦᠨᠵᠡᠭᠡᠶᠢᠷᠡᠭᠦᠯᠵᠦ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ ᠢᠨᠵᠧᠨᠧᠷᠢᠩ ᠤᠨ ︽ᠪᠠᠶᠢᠭᠤᠯᠬᠤ ᠬᠠᠮᠢᠶᠠᠷᠬᠤ | ᠡᠵᠡᠩᠨᠡᠬᠦ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ ᠬᠦᠳᠡᠯᠮᠦᠷᠢ ᠪᠠᠷ ᠲᠡᠳᠬᠦᠮᠵᠢ ᠶᠢ | ᠣᠷᠣᠯᠠᠭᠤᠯᠬᠤ ᠶᠢ ᠬᠡᠷᠡᠭᠵᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ | ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ | ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ | |