ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ | ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2024﹈ | 15 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠬᠠᠮᠢᠶ᠎ᠠ ᠪᠦᠬᠦᠢ ᠠᠭᠤᠯᠭ᠎ᠠ ᠶᠢ ᠨᠠᠩ ᠰᠠᠶᠢᠨ | ᠣᠶᠢᠯᠠᠭᠠᠬᠤ ᠳᠤ ᠳᠥᠭᠦᠮᠯᠡᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠳᠤ | ᠳᠠᠷᠠᠭᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | 2024 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ | ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ | ︵ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 16 ᠵᠤᠷᠪᠤᠰ | ᠭᠤᠣᠯᠳᠠᠯᠭ᠎ᠠ ᠲᠠᠢ ᠡᠭᠦᠷᠭᠡ ᠶᠢ ᠳᠤᠷᠠᠳᠴᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ | ᠭᠤᠣᠯᠳᠠᠯᠭ᠎ᠠ ᠲᠠᠢ ᠵᠦᠢᠯᠡᠰ ᠤᠨ 13 ᠨᠠᠷᠢᠨ ᠲᠠᠩᠰᠠ ᠶᠢ ᠲᠣᠳᠣᠷᠬᠠᠢ ᠲᠣᠭᠲᠠᠭᠠᠪᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠲᠦᠷᠦᠭᠦᠯᠡᠨ ︽ᠬᠡᠷᠡᠭᠵᠢᠭᠦᠯᠬᠦ ᠰᠠᠨᠠᠯ︾ ᠢ ᠰᠤᠳᠤᠯᠤᠨ ᠲᠤᠭᠤᠷᠪᠢᠪᠠ᠃ ︽ᠬᠡᠷᠡᠭᠵᠢᠭᠦᠯᠬᠦ ᠰᠠᠨᠠᠯ︾ ᠳᠤ | ᠤᠷᠢᠳ ᠬᠤᠵᠢᠳ 12 ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 39 ᠰᠠᠯᠠᠭ᠎ᠠ | ᠮᠥᠴᠢᠷ ᠤᠨ ᠰᠠᠨᠠᠯ ᠢ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠬᠠᠤᠯᠢ ᠶᠣᠰᠣᠴᠢ ᠴᠢᠨᠠᠷ ᠢ ᠨᠢ ᠬᠢᠨᠠᠨ ᠪᠠᠶᠢᠴᠠᠭᠠᠵᠤ᠂ 2024 ᠣᠨ ᠤ 4 ᠳ᠋ᠦ᠋ᠭᠡᠷ ᠰᠠᠷ᠎ᠠ ᠶᠢᠨ 25 ᠤ | ᠡᠳᠦᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠤᠯᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠳᠤ ᠶᠡᠷᠦᠩᠬᠡᠢ ᠬᠠᠷᠠᠯᠲᠠ᠂ ᠭᠤᠣᠯ ᠡᠭᠦᠷᠭᠡ ᠪᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠵᠡᠷᠭᠡ 3 ᠬᠡᠰᠡᠭ ᠢ ᠪᠠᠭᠲᠠᠭᠠᠨ᠎ᠠ᠃ | ︵ᠨᠢᠭᠡ︶ ᠶᠡᠷᠦᠩᠬᠡᠢ ᠬᠠᠷᠠᠯᠲᠠ᠃ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠳᠤᠷᠠᠳᠪᠠ᠄ 2024 ᠣᠨ ᠳᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠱᠤᠭᠤᠮ︾ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽5 + 8 +3+ N︾ ︽ᠨᠢᠭᠡ ᠠᠵᠢᠯ ᠶᠠᠪᠤᠳᠠᠯ︾ ︵︽5︾ | ᠨᠢ ᠰᠦᠯᠵᠢᠶᠡᠨ ᠳᠤ ᠣᠷᠣᠭᠤᠯᠤᠭᠰᠠᠨ 5 ︽ᠨᠢᠭᠡ ᠠᠵᠢᠯ ᠶᠠᠪᠤᠳᠠᠯ︾ ᠢ ᠳᠡᠰ ᠳᠡᠪᠰᠢᠭᠦᠯᠬᠦ᠂ ︽8︾ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠰᠢᠨ᠎ᠡ ᠪᠠᠷ ᠨᠡᠮᠡᠭᠰᠡᠨ 8 ︽ᠨᠢᠭᠡ ᠠᠵᠢᠯ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ᠂ ︽3︾ | ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 3 ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ | ᠶᠠᠪᠤᠳᠠᠯ︾ ᠢ ᠬᠦᠴᠦ ᠪᠠᠨ ᠨᠡᠶᠢᠯᠡᠭᠦᠯᠦᠨ ᠰᠠᠶᠢᠲᠤᠷ ᠠᠳᠬᠤᠬᠤ᠂ ︽N︾ ᠨᠢ ᠡᠯ᠎ᠡ ᠭᠠᠵᠠᠷ ᠣᠷᠣᠨ ᠤ ᠣᠷᠣᠨ | ᠨᠤᠲᠤᠭ ᠤᠨ ᠣᠨᠴᠠᠯᠢᠭ ᠲᠠᠢ N ︽ᠨᠢᠭᠡ ᠠᠵᠢᠯ ᠶᠠᠪᠤᠳᠠᠯ︾ ᠢ ᠰᠢᠨ᠎ᠡ ᠶᠢ ᠡᠭᠦᠳᠦᠨ ᠠᠬᠢᠭᠤᠯᠬᠤ ᠶᠢ ᠥᠷᠭᠡᠨ ᠢᠶᠠᠷ | ᠳᠠᠶᠢᠴᠢᠯᠠᠬᠤ︶ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤ ᠠᠬᠢᠭᠤᠯᠬᠤ | ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮᠯᠡᠬᠦ ᠬᠠᠯᠠᠮᠰᠢᠯ ᠤᠲᠠᠰᠤ ᠶᠢ ᠰᠠᠭᠠᠳ ᠦᠭᠡᠢ ᠪᠥᠭᠡᠳ ᠥᠨᠳᠥᠷ | ᠪᠦᠲᠦᠮᠵᠢᠲᠡᠶ ᠪᠠᠷ ᠨᠠᠪᠲᠠᠷᠡᠭᠦᠯᠵᠦ᠂ ᠡᠷᠴᠢᠮᠵᠢᠭᠦᠯᠦᠨ ᠠᠵᠢᠯ ᠶᠠᠪᠤᠳᠠᠯ ᠭᠦᠢᠴᠡᠳᠬᠡᠬᠦ᠂ ᠣᠶᠤᠨᠲᠤ ᠦᠢᠯᠡᠴᠢᠯᠡᠭᠡᠨ ᠤ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ | ᠣᠶᠤᠨᠲᠤ ᠳᠥᠭᠦᠮ᠂ ᠡᠷᠬᠡ ᠲᠡᠭᠰᠢ ᠨᠡᠶᠢᠳᠡᠮ ᠳᠤ ᠠᠰᠢᠭᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠣᠶ ᠪᠣᠯᠭᠠᠵᠤ᠂ ︽ᠮᠥᠩᠬᠡ ᠰᠤᠪᠠᠭ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠡᠬᠢᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠠᠨᠤᠮᠵᠢ ᠪᠠ ᠬᠦᠷᠲᠡᠮᠵᠢ ᠶᠢᠨ ᠲᠥᠷᠥᠭᠳᠡᠯ ᠢ ᠨᠢ | ᠶᠡᠭᠡ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠣᠯ ᠡᠭᠦᠷᠭᠡ᠃ 3 ᠲᠠᠯ᠎ᠠ ᠶᠢᠨ 11 ᠵᠤᠷᠪᠤᠰ ᠪᠣᠳᠠᠲᠠᠢ ᠡᠭᠦᠷᠭᠡ ᠶᠢ ᠳᠤᠷᠠᠳᠪᠠ᠄ ᠨᠢᠭᠡ ᠳᠤ᠂ | ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ᠃ ︽ᠨᠢᠭᠡ ᠠᠵᠢᠯ ᠶᠠᠪᠤᠳᠠᠯ︾ | ᠤᠨ ᠥᠭᠡᠷᠡᠴᠢᠯᠡᠯᠲᠡ ᠶᠢ ᠳᠡᠰ ᠳᠡᠪᠰᠢᠭᠦᠯᠵᠦ᠂ ︽ᠨᠢᠭᠡ ᠠᠵᠢᠯ ᠶᠠᠪᠤᠳᠠᠯ︾ ᠤᠨ ᠬᠡᠪᠴᠢᠶ᠎ᠡ ᠶᠢ ᠥᠷᠭᠡᠳᠬᠡᠵᠦ᠂ ︽ᠨᠢᠭᠡ | ᠠᠵᠢᠯ ᠶᠠᠪᠤᠳᠠᠯ︾ ᠢ ᠭᠦᠢᠴᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠬᠤᠯᠪᠣᠭᠳᠠᠯ ᠢᠶᠠᠷ ᠴᠢᠩᠭ᠎ᠠ᠂ ᠠᠵᠢᠯ | ᠶᠠᠪᠤᠳᠠᠯ ᠭᠦᠢᠴᠡᠳᠬᠡᠬᠦ ᠬᠡᠷᠡᠭᠴᠡᠭᠡ ᠪᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠡᠩ ᠣᠯᠠᠨ | ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠵᠢᠯ ᠳᠠᠷᠠᠭᠠᠯᠠᠨ ᠪᠦᠯᠦᠭ ᠬᠤᠪᠢᠶᠠᠨ ᠠᠬᠢᠭᠤᠯᠤᠨ᠎ᠠ᠃ ᠬᠤᠶᠠᠷ ᠲᠤ᠂ | ᠴᠢᠳᠠᠮᠵᠢ ᠶᠢ ᠳᠡᠭᠡᠭᠰᠢᠯᠡᠭᠦᠯᠬᠦ ᠰᠢᠪᠲᠤᠯᠤᠯᠲᠠ ᠶᠢ ᠭᠦᠨᠵᠡᠭᠡᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠬᠠᠯᠠᠮᠰᠢᠯ | ᠤᠲᠠᠰᠤ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠰᠢᠪᠲᠤᠯᠤᠯᠲᠠ ᠶᠢ ᠳᠡᠭᠡᠭᠰᠢᠯᠡᠭᠦᠯᠵᠦ᠂ ᠳᠥᠭᠦᠮ ᠳᠥᠲᠡ᠂ | ᠥᠨᠳᠥᠷ ᠪᠦᠲᠦᠮᠵᠢᠲᠡᠢ᠂ ᠵᠢᠷᠤᠮᠵᠢᠯ ᠲᠠᠢ᠂ ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ | ᠦᠢᠯᠡᠴᠢᠯᠡᠭᠡ︾ ᠶᠢ ᠪᠣᠶ ᠪᠣᠯᠭᠠᠨ᠎ᠠ᠃ ᠲᠠᠪᠴᠠᠩ ᠤᠨ ᠲᠤᠰᠠᠯᠠᠬᠤ ᠴᠢᠳᠠᠮᠵᠢ ᠶᠢᠨ ᠰᠢᠪᠲᠤᠯᠤᠯᠲᠠ ᠶᠢ ᠴᠢᠩᠭᠠᠳᠬᠠᠵᠤ᠂ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ ᠤ ᠨᠢᠭᠡᠳᠦᠯᠲᠡᠢ ᠲᠤᠬᠠᠶᠢᠯᠠᠭᠰᠠᠨ ᠠᠵᠢᠯ ᠤᠨ ᠲᠤᠰᠠᠯᠠᠮᠵᠢ ᠶᠢᠨ | ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠳ᠋ᠢᠭᠢᠲ᠋ᠠᠯ ᠮᠡᠷᠭᠡᠵᠢᠯ ᠢᠶᠠᠷ ᠡᠷᠴᠢᠮᠯᠡᠬᠦ ᠰᠢᠪᠲᠤᠯᠤᠯᠲᠠ ᠶᠢ ᠴᠢᠩᠭᠠᠳᠬᠠᠵᠤ᠂ | ᠳ᠋ᠠᠶᠢᠲ᠋ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠠᠰᠢᠭᠯᠠᠯᠲᠠ ᠶᠢ ᠠᠬᠢᠭᠤᠯᠤᠨ᠎ᠠ᠃ | ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠡᠶᠡᠴᠢᠯᠡᠨ ᠥᠩᠭᠡᠷᠡᠭᠦᠯᠬᠦ ᠶᠢᠨ ᠰᠢᠪᠲᠤᠯᠤᠯᠲᠠ ᠶᠢ | ᠰᠢᠯᠢᠳᠡᠭᠵᠢᠭᠦᠯᠵᠦ᠂ ᠳᠤᠲᠠᠭᠳᠠᠵᠤ ᠪᠠᠶᠢᠭ᠎ᠠ ᠵᠦᠢᠯᠡᠰ ᠢ ᠠᠮᠠᠯᠠᠨ ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ | ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ | ᠦᠭᠡᠢ ᠪᠠᠷ ᠭᠦᠢᠴᠡᠳᠬᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠰᠢᠪᠲᠤᠯᠤᠯᠲᠠ ᠶᠢ ᠠᠬᠢᠭᠤᠯᠵᠤ᠂ ᠬᠠᠪᠰᠤᠷᠤᠨ ᠬᠢᠵᠦ ᠣᠷᠣᠯᠠᠨ ᠭᠦᠢᠴᠡᠳᠬᠡᠬᠦ ᠴᠢᠳᠠᠮᠵᠢ ᠶᠢ | ᠳᠡᠭᠡᠭᠰᠢᠯᠡᠭᠦᠯᠬᠦ᠂ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ᠂ ᠦᠷᠳᠡᠭ ᠨᠡᠮᠡᠭᠳᠡᠯ ᠤᠨ | ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠨᠠᠷᠢᠯᠢᠭᠵᠢᠭᠤᠯᠤᠨ ᠳᠤᠷᠠᠳᠪᠠ᠃ | ᠭᠤᠷᠪᠠ ᠳᠤ᠂ ᠳᠦᠷᠢᠮ ᠤᠨ ᠪᠠᠷᠢᠮᠵᠢᠶ᠎ᠠ ᠶᠢᠨ ᠵᠢᠷᠤᠮᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢ ᠪᠠᠶᠢᠭᠤᠯᠵᠤ᠂ ᠠᠳᠠᠯᠢ ᠨᠢᠭᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠬᠡᠪᠴᠢᠶᠡᠨ ᠳᠤ ᠢᠯᠭᠠᠭ᠎ᠠ ᠦᠭᠡᠢ | ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ | ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ | ᠠᠬᠢᠭᠤᠯᠵᠤ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠ ᠨᠢᠭᠡ ᠯᠡ ᠥᠷᠲᠡᠭᠡ ᠪᠠᠷ ᠭᠦᠢᠴᠡᠳᠬᠡᠬᠦ ᠶᠢ | ᠪᠡᠶᠡᠯᠡᠭᠦᠯᠦᠨ᠎ᠡ᠃ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠠᠵᠢᠯᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ | ᠬᠠᠩᠭᠠᠯᠭ᠎ᠠ ᠶᠢ ᠴᠢᠩᠭᠠᠳᠬᠠᠨ᠎ᠠ᠃ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠶᠢ | ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | ᠭᠤᠷᠪᠠ᠂ ᠨᠠᠷᠢᠨ ᠳᠠᠩᠰᠠ ᠶᠢ ᠨᠡᠶᠢᠲᠡᠯᠡᠭᠰᠡᠨ ᠨᠢ | ︽ᠬᠡᠷᠡᠭᠵᠢᠭᠦᠯᠬᠦ ᠰᠠᠨᠠᠯ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠪᠢᠳᠡ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠨᠳᠥᠷ ᠪᠦᠲᠦᠮᠵᠢᠲᠡᠶ ᠪᠠᠷ | ᠨᠢᠭᠡ ᠠᠵᠢᠯ ᠶᠠᠪᠤᠳᠠᠯ ᠢ ᠭᠦᠢᠴᠡᠳᠬᠡᠬᠦ﹀ ᠭᠤᠣᠯᠳᠠᠯᠭ᠎ᠠ ᠲᠠᠢ ᠵᠦᠢᠯᠡᠰ ᠤᠨ ᠨᠠᠷᠢᠨ ᠳᠠᠩᠰᠠ︾ ᠶᠢ ᠢᠵᠢ | ᠪᠦᠷᠢᠳᠦᠭᠦᠯᠦᠨ ᠲᠣᠭᠲᠠᠭᠠᠵᠤ ᠨᠡᠶᠢᠲᠡᠯᠡᠪᠡ᠂ ᠡᠭᠦᠨ ᠳᠤ᠂ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ︾ ᠨᠢ 5 | ᠵᠦᠢᠯ ᠪᠣᠶ᠂ ᠡᠭᠦᠨ ᠳᠤ ︽ᠬᠤᠭᠤᠯᠠ ᠤᠮᠳᠠ ᠶᠢᠨ ᠳᠡᠯᠭᠡᠭᠦᠷ︾ ᠡᠷᠭᠢᠯᠡᠬᠦ᠂ ᠠᠵᠤ ᠠᠬᠤᠶᠢᠯᠠᠯ ᠤᠨ ᠳᠠᠩᠰᠠᠯᠠᠯᠲᠠ ᠶᠢ | ᠬᠠᠰᠤᠬᠤ᠂ ᠰᠠᠶ᠋ᠢ ᠲᠥᠷᠥᠭᠰᠡᠨ ᠬᠡᠦᠬᠡᠳ᠂ ᠵᠡᠮᠳᠡᠭᠴᠦᠳ ᠲᠤ ᠦᠢᠯᠡᠴᠢᠯᠡᠬᠦ᠂ ᠠᠵᠢᠯ ᠠᠴᠠ ᠪᠠᠨ ᠠᠮᠠᠷᠠᠬᠤ ᠵᠡᠷᠭᠡ | ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠶᠢ ᠪᠠᠭᠲᠠᠭᠠᠨ᠎ᠠ︔ ᠰᠢᠨ᠎ᠡ ᠪᠠᠷ ᠨᠡᠮᠡᠭᠰᠡᠨ ᠪᠦᠲᠦᠭᠡᠨ | ᠪᠠᠶᠢᠭᠤᠯᠤᠯᠲᠠ ᠶᠢᠨ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠨᠢ 8 ᠵᠦᠢᠯ ᠪᠣᠯᠣᠨ᠎ᠠ᠂ ᠡᠭᠦᠨ ᠳᠤ ᠠᠵᠤ | ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ᠂ ᠤᠰᠤ | ᠴᠠᠬᠢᠯᠭᠠᠨ ᠬᠡᠢ ᠳᠤᠯᠠᠭᠠᠯᠭ᠎ᠠ ᠰᠦᠯᠵᠢᠶ᠎ᠡ ᠶᠢ ᠬᠠᠮᠲᠤᠷᠠᠨ ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢᠨ ᠬᠠᠤᠯᠢ ᠲᠣᠭᠲᠠᠭᠠᠯ ᠳᠤ ᠨᠡᠶᠢᠴᠡᠬᠦ ᠲᠤᠬᠠᠢ ᠮᠡᠳᠡᠭᠡ ᠵᠠᠩᠭᠢ ᠶᠢ | ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ | ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ | ᠦᠢᠯᠡᠴᠢᠯᠡᠭᠡ ᠵᠡᠷᠭᠡ ᠪᠠᠭᠲᠠᠨ᠎ᠠ︔ ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠤᠨ ᠨᠠᠷᠢᠨ | ᠲᠠᠩᠰᠠ ᠨᠢ 3 ᠵᠦᠢᠯ ᠪᠠᠶᠢᠵᠤ᠂ ᠡᠭᠦᠨ ᠳᠤ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠪᠠᠭᠲᠠᠨ᠎ᠠ᠃ ︽ᠨᠢᠭᠡ | ᠠᠵᠢᠯ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠬᠤ ᠰᠠᠯᠠᠭ᠎ᠠ ᠮᠥᠴᠢᠷ ᠢ ᠤᠯᠠᠮ | ᠲᠣᠳᠣᠷᠬᠠᠶᠢᠯᠠᠪᠠ᠃ |