ᠨᠦᠬᠦᠷᠰᠡᠭ ᠬᠠᠷᠢᠴᠠᠭ᠎ᠠ ᠶᠢ ᠬᠦᠮᠦᠵᠢᠭᠦᠯᠭᠦ
ᠨᠡᠶᠢᠲᠡᠯᠡᠭᠰᠡᠨ ᠴᠠᠭ᠄
2024/5/21
          ᠨᠡᠶᠢᠭᠡᠮ ᠪᠠ ᠡᠳᠦᠷ ᠲᠤᠳᠤᠮ ᠤᠨ ᠠᠮᠢᠳᠤᠷᠠᠯ ᠲᠤᠮᠳᠠ ᠬᠦᠮᠦᠰ ᠡᠯ᠎ᠡ ᠵᠦᠢᠯ ᠤᠨ ᠬᠠᠷᠢᠴᠠᠭ᠎ᠠ ᠬᠤᠯᠪᠤᠭ᠎ᠠ  ᠪᠠᠷ ᠬᠤᠭᠤᠷᠤᠨᠳᠤ ᠪᠠᠨ ᠶᠠᠪᠤᠯᠴᠠᠳᠠᠭ᠂ ᠨᠠᠰᠤ ᠴᠢᠴᠠᠥ ᠬᠦᠮᠦᠰ ᠨᠢ ᠡᠯ᠎ᠡ ᠲᠠᠯ᠎ᠠ ᠪᠠᠷ ᠢᠶᠠᠨ ᠤᠶᠢᠷᠠᠯᠴᠠᠭ᠎ᠠ ᠲᠤᠯᠠ ᠬᠠᠷᠢᠯᠴᠠᠬᠤ ᠨᠢ ᠨᠡᠩ ᠤᠯᠠᠨ ᠪᠠᠶᠢᠳᠠᠭ᠃ ᠬᠦᠮᠦᠰ ᠤᠨ ᠤᠴᠢᠷ ᠶᠠᠪᠤᠳᠠᠯ ᠨᠢ ᠪᠦᠷ ᠪᠤᠰᠤᠳ ᠤᠨ ᠰᠢᠭᠤᠳ ᠪᠤᠶᠤ ᠲᠠᠮ ᠲᠡᠮᠵᠢᠯᠭᠡ ᠶᠢ ᠤᠯᠤᠮᠠᠨᠵᠢᠨ ᠰᠠᠶ᠋ᠢ ᠬᠢᠯᠪᠠᠷ ᠪᠡᠶᠡᠯᠡᠭᠳᠡᠳᠡᠭ᠃ ᠡᠶᠢᠮᠦ ᠠᠴᠠ ᠭᠡᠥᠭᠡᠳ ᠤᠨ ᠬᠠᠷᠬᠠᠨ ᠪᠠᠭ᠎ᠠ ᠠᠴᠠ  ᠪᠠᠨ ᠨᠦᠭᠦᠳ ᠲᠠᠢ ᠪᠠᠨ ᠨᠠᠶᠢᠵᠠᠯᠠᠨ ᠶᠠᠪᠤᠬᠤ ᠶᠢ ᠭᠡᠷ ᠤᠨ ᠠᠬᠠᠮᠠᠳ ᠠᠴᠠ ᠲᠡᠮᠵᠢᠨ ᠵᠤᠷᠢᠭᠵᠢᠭᠤᠯᠤᠨ ᠬᠦᠮᠦᠵᠢᠭᠦᠯᠬᠦ ᠭᠡᠷᠡᠭᠳᠡᠢ᠃          ︵1︶ ᠭᠡᠥᠭᠡᠳ ᠤᠳ ᠤᠨ ᠶᠠᠷᠢᠶ᠎ᠠ ᠭᠡᠯᠡᠯᠴᠡᠭᠡ᠂ ᠦᠵᠡᠯᠳᠡ᠂ ᠰᠡᠳᠬᠢᠯᠭᠡ ᠶᠢ ᠨᠢ ᠬᠦᠨᠳᠦᠳᠭᠡᠨ ᠦᠵᠡᠵᠤ ᠭᠡᠥᠭᠡᠳ ᠢ ᠬᠠᠪᠰᠤᠷᠠᠨ ᠲᠡᠳᠡᠨ ᠢ ᠨᠠᠶᠢᠵᠠ ᠲᠠᠢ ᠨᠢ ᠦᠷᠬᠦᠯᠵᠢ ᠶᠠᠪᠤᠯᠴᠠᠭᠤᠯᠤᠨ ᠵᠤᠴᠢᠳ ᠲᠤ ᠬᠠᠯᠠᠭᠤᠮᠰᠤᠭ ᠬᠠᠨᠳᠤᠬᠤ ᠪᠤᠯᠭᠠᠬᠤ ᠭᠡᠷᠡᠭᠳᠡᠢ᠃         ︵2︶ ᠭᠡᠥᠭᠡᠳ ᠢ ᠶᠠᠪᠤᠯᠴᠠᠭᠠᠨ ᠲᠤᠮᠳᠠ ᠠᠴᠠ ᠨᠢ ᠡᠯ᠎ᠡ ᠵᠦᠢᠯ ᠤᠨ ᠨᠡᠶᠢᠭᠡᠮ ᠤᠨ ᠪᠤᠯᠪᠠᠰᠤᠷᠠᠯ᠂ ᠠᠷᠠᠳ  ᠤᠨ ᠲᠤᠮᠳᠠᠭᠢ ᠰᠠᠶᠢᠨ ᠰᠠᠶᠢᠬᠠᠨ ᠵᠠᠩ ᠮᠤᠷᠠᠯ ᠵᠡᠷᠭᠡ ᠳᠤ ᠲᠠᠳᠬᠠᠨ᠂ ᠨᠠᠶᠢᠵᠠ ᠨᠠᠷ ᠲᠠᠢ ᠨᠢ ᠰᠠᠶᠢᠳᠤᠷ ᠪᠦᠯᠬᠦᠮᠳᠡᠭᠦᠯᠦᠨ᠂ ᠵᠤᠬᠢᠶᠠᠨ ᠪᠠᠶᠢᠭᠤᠯᠬᠤ ᠴᠢᠳᠠᠪᠤᠷᠢ ᠵᠡᠷᠭᠡ ᠶᠢ ᠨᠢ ᠲᠡᠭᠡᠭᠰᠢᠯᠡᠭᠦᠯᠦᠨ᠎ᠡ᠃         ︵3︶ ᠭᠡᠥᠭᠡᠳ ᠤᠨ ᠬᠠᠷᠢᠴᠠᠭ᠎ᠠ ᠨᠢ ᠭᠡᠷᠪᠡ ᠡᠷᠡᠭᠦᠯ ᠴᠠᠬᠢᠷᠠᠭ ᠬᠠᠷᠢᠴᠠᠭ᠎ᠠ ᠶᠤᠮ ᠪᠤᠯ ᠨᠠᠷᠢᠨ ᠨᠢᠭᠳᠠ ᠠᠰᠠᠭᠤᠨ ᠤᠭᠴᠢᠯᠠᠭᠰᠠᠨ ᠤ ᠭᠡᠷᠡᠭ ᠦᠭᠡᠢ᠂ ᠬᠠᠷᠢᠯᠴᠠᠭᠠᠨ ᠤ ᠲᠤᠮᠳᠠ ᠭᠡᠥᠭᠡᠳ ᠭᠡᠷᠪᠡ ᠵᠦᠷᠢᠴᠡᠯ ᠮᠦᠷᠭᠦᠯᠳᠦᠭᠡᠨ ᠡᠭᠦᠰᠦᠭᠰᠡᠨ ᠴᠦ ᠲᠡᠶᠢᠮᠦ ᠶᠡᠭᠡ ᠠᠶᠤᠯ ᠦᠭᠡᠢ ᠶᠤᠮ ᠪᠤᠯ ᠭᠡᠥᠭᠡᠳ ᠢ ᠬᠤᠪᠢ ᠪᠠᠷ ᠨᠢ ᠰᠡᠶᠢᠳᠪᠦᠷᠢᠯᠡᠬᠦᠯᠪᠡᠯ ᠰᠠᠶᠢᠨ ᠃ ᠭᠡᠥᠭᠡᠳ ᠢ ᠬᠠᠪᠰᠤᠷᠠᠨ ᠪᠠᠶ᠎ᠠ ᠪᠠᠨ ᠲᠠᠭᠠᠭᠠᠵᠤ ᠠᠰᠠᠭᠤᠳᠠᠯ ᠢ ᠪᠤᠳᠤᠯᠬᠢᠯᠠᠬᠤ᠂ ᠬᠤᠪᠢ ᠶᠢᠨ ᠦᠵᠡᠯᠳᠡ ᠪᠠᠨ ᠪᠠᠷᠢᠮᠳᠠᠯᠠᠬᠤ᠂ ᠦᠨᠡᠨ ᠶᠤᠰᠤ ᠶᠢ ᠦᠢᠯᠡᠳᠦᠯᠭᠡ   ᠶᠢᠨ ᠲᠤᠮᠳᠠ ᠠᠴᠠ ᠭᠡᠷᠡᠴᠢᠯᠡᠭᠦ ᠵᠡᠷᠭᠡ ᠶᠤᠰᠤ ᠤᠴᠢᠷ ᠢ ᠤᠶᠢᠯᠠᠭᠠᠭᠤᠯᠤᠨ᠎ᠠ᠃ ᠡᠨᠡ ᠨᠢ ᠶᠠᠭ ᠯᠡ᠄ ︽ᠤᠯᠪᠤᠭ ᠢᠶᠠᠨ ᠴᠤᠭᠤᠷᠳᠠᠯ᠎ᠠ ᠰᠠᠭᠤᠭᠰᠠᠨ ᠮᠡᠷᠭᠡᠨ ᠠᠴᠠ᠂ ᠤᠷᠴᠢᠯᠠᠩ ᠪᠠᠷᠠᠳᠠᠯ᠎ᠠ ᠲᠤᠭᠤᠷᠢᠭᠰᠠᠨ ᠮᠤᠩᠬᠤᠭ ᠲᠡᠭᠡᠷ᠎ᠡ︾ ᠭᠡᠳᠡᠭ ᠢᠶᠠᠷ ᠤᠯᠠᠨ ᠤ ᠬᠠᠷᠢᠯᠴᠠᠭ᠎ᠠ ᠠᠴᠠ ᠠᠪᠤᠭᠠᠳ ᠪᠠᠷᠠᠰᠢ ᠦᠭᠡᠢ ᠭᠡᠷᠡᠭᠯᠡᠭᠡᠳ ᠲᠠᠭᠤᠰᠤᠰᠢ ᠦᠭᠡᠢ ᠦᠨᠡᠨ ᠶᠤᠰᠤ ᠶᠢ ᠤᠯᠵᠤ ᠮᠡᠳᠡᠬᠦ ᠶᠤᠮ᠃        ︵4︶ ᠡᠩ ᠤᠨ ᠦᠶ᠎ᠡ ᠳᠠᠬᠢ ᠦᠪᠡᠷ ᠤᠨ ᠬᠢ ᠬᠡᠯᠡᠵᠤ ᠶᠠᠷᠢᠬᠤ᠂ ᠶᠠᠪᠤᠵᠤ ᠰᠠᠭᠤᠬᠤ᠂ ᠦᠯᠢᠭᠡᠷ ᠭᠡᠯᠡᠭᠦ ᠵᠡᠷᠭᠡ ᠤᠯᠠᠨ ᠲᠠᠯ᠎ᠠ ᠶᠢᠨ ᠠᠰᠢᠭᠳᠠᠢ ᠬᠦᠳᠡᠯᠭᠡᠭᠡᠨ ᠢᠶᠠᠷ ᠢᠶᠠᠨ ᠲᠠᠮᠵᠢᠭᠤᠯᠤᠨ ᠭᠡᠥᠭᠡᠳ ᠲᠤ ᠬᠠᠮᠳᠤ ᠨᠦᠬᠦᠳ ᠲᠠᠢ  ᠪᠠᠨ ᠨᠠᠶᠢᠵᠠᠯᠠᠬᠤ ᠶᠢᠨ ᠶᠤᠰᠤ ᠤᠴᠢᠷ ᠢ ᠨᠡᠩ ᠤᠶᠢᠯᠠᠭᠠᠭᠤᠯᠤᠨ᠎ᠠ᠃        ︵5︶ ᠭᠡᠥᠭᠡᠳ ᠲᠡᠭᠡᠨ ᠬᠠᠨᠢ ᠨᠠᠶᠢᠵᠠ ᠶᠢᠨ ᠬᠦᠷᠢᠶ᠎ᠡ ᠬᠡᠪᠴᠢᠶ᠎ᠡ ᠶᠢ ᠮᠡᠳᠡᠭᠦᠯᠵᠤ ᠶᠠᠮᠠᠷ ᠬᠦᠮᠦᠨ ᠲᠠᠢ ᠨᠠᠶᠢᠵᠠᠯᠠᠬᠤ᠂ ᠶᠠᠮᠠᠷ ᠬᠦᠮᠦᠨ ᠲᠠᠢ ᠨᠠᠶᠢᠵᠠᠯᠠᠬᠤ ᠦᠭᠡᠢ ᠵᠡᠷᠭᠡ ᠪᠠᠷᠢᠮᠵᠢᠶ᠎ᠠ ᠶᠢ ᠤᠶᠢᠯᠭᠠᠭᠤᠯᠤᠨ᠂ ᠲᠡᠥᠭᠡᠨ ᠳᠠᠬᠢ ᠮᠠᠷᠺᠠᠰ᠂ ᠡᠩᠭᠧᠯᠰ ᠤᠨ ᠨᠠᠶᠢᠵᠠᠯᠠᠭᠰᠠᠨ ᠦᠯᠢᠭᠡᠷ ᠢ ᠶᠠᠷᠢᠵᠤ᠂ ᠨᠠᠶᠢᠵᠠ ᠨᠠᠷ ᠲᠠᠢ ᠪᠠᠨ ᠲᠤᠷᠰᠢᠯᠠᠭ᠎ᠠ ᠪᠠᠨ ᠰᠤᠯᠢᠯᠴᠠᠨ᠂ ᠬᠠᠷᠢᠯᠴᠠᠨ ᠬᠠᠪᠰᠤᠷᠤᠯᠴᠠᠨ᠂ ᠬᠠᠷᠢᠴᠠᠨ ᠲᠤᠰᠠᠯᠠᠯᠴᠠᠬᠤ ᠪᠦᠭᠡᠳ ᠨᠠᠶᠢᠵᠠ ᠶᠢᠨ ᠢᠶᠠᠨ ᠬᠦᠷᠦᠯᠴᠡᠭᠦ ᠦᠭᠡᠢ ᠮᠠᠭᠤ ᠠᠵᠢᠯᠯᠠᠭ᠎ᠠ ᠪᠠᠶᠢᠪᠠᠯ ᠡᠷᠢᠶᠡᠯ ᠦᠭᠡᠢ ᠬᠡᠯᠡᠬᠦ ᠪᠤᠶᠤ ᠲᠡᠭᠦᠨ ᠤ ᠲᠠᠪᠰᠢᠭᠰᠠᠨ ᠰᠠᠶᠢᠨ ᠰᠠᠶᠢᠬᠠᠨ ᠡᠷᠬᠢᠮ ᠰᠤᠷᠳᠠᠯ ᠢ ᠨᠢ ᠰᠤᠷᠤᠯᠴᠠᠬᠤ ᠪᠤᠯᠭᠠᠨ᠎ᠠ᠃  
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号