ᠤᠯᠠᠨ 5 G -A ᠨᠢ ᠨᠢᠰᠬᠦ ᠮᠡᠲᠦ ᠲᠦᠷᠭᠡᠨ ᠪᠣᠯᠭᠠᠳᠠᠭ ᠭᠡᠨ᠎ᠡ ᠤᠤ︖
ᠨᠡᠶᠢᠲᠡᠯᠡᠭᠰᠡᠨ ᠴᠠᠭ᠄
2024/5/21
     ᠤᠯᠠᠨ 5 G -A ᠨᠢ ᠨᠢᠭᠡᠨ 10 G ᠶᠢᠨ ᠥᠨᠳᠥᠷ ᠲᠣᠳᠣᠴᠠ ᠲᠠᠢ ᠺᠢᠨᠣ᠋ ᠶᠢ ᠨᠢᠭᠡ ᠯᠡ ᠰᠧᠺᠦ᠋ᠨ᠋ᠳ᠋ ᠲᠤ ᠪᠠᠭᠤᠯᠭᠠᠨ ᠠᠪᠴᠤ ᠲᠡᠶᠢᠯᠦᠨ᠎ᠡ᠃ ᠲᠡᠷᠡ   ᠨᠢ ᠰᠦᠯᠵᠢᠶᠡᠨ ᠤ ᠬᠤᠷᠳᠤᠴᠠ ᠶᠢ ᠨᠢᠰᠬᠦ ᠮᠡᠲᠦ ᠲᠦᠷᠭᠡᠨ ᠪᠤᠯᠭᠠᠬᠤ ᠪᠠᠷ ᠪᠠᠷᠠᠬᠤ ᠦᠭᠡᠢ᠂ ᠪᠠᠰᠠ ᠠᠵᠢᠯ ᠳᠠᠭᠠᠨ ᠶᠠᠪᠤᠵᠤ ᠪᠠᠶᠢᠭᠠᠳ ᠬᠤᠵᠢᠭᠳᠠᠮᠠᠷ ᠪᠤᠯᠬᠤ᠂ ᠵᠠᠮ ᠲᠦᠭᠵᠢᠷᠡᠵᠦ ᠶᠠᠪᠤᠵᠤ ᠲᠡᠶᠢᠯᠬᠦ ᠦᠭᠡᠢ ᠪᠤᠯᠬᠤ ᠦᠶ᠎ᠡ ᠳᠤ᠂ ᠭᠠᠷ ᠤᠲᠠᠰᠤ ᠪᠠᠨ ᠭᠠᠷᠭᠠᠭᠠᠳ ᠬᠥᠩᠭᠡᠬᠡᠨ ᠲᠣᠪᠰᠢᠵᠤ ᠠᠪᠤᠪᠠᠯ᠂ ︽ᠨᠢᠰᠬᠦ ᠮᠡᠲᠦ︾ ᠲᠦᠷᠭᠡᠨ ᠴᠢᠮ᠎ᠠ ᠶᠢ ᠲᠡᠭᠡᠭᠡᠵᠦ ᠠᠵᠢᠯ ᠳᠤ ᠴᠢᠨᠢ ᠠᠪᠠᠴᠢᠵᠤ ᠥᠭᠭᠦᠨ᠎ᠡ︔ ᠲᠡᠷᠭᠡ ᠵᠢᠯᠤᠭᠤᠳᠴᠤ ᠴᠢᠳᠠᠬᠤ ᠦᠭᠡᠢ ᠮᠥᠷᠲᠡᠭᠡᠨ ᠪᠠᠰᠠ ᠵᠢᠯᠣᠭᠤᠴᠢ ᠦᠭᠡᠢ ᠲᠡᠷᠭᠡ ᠶᠢ ᠠᠮᠤᠷ ᠲᠦᠪᠰᠢᠨ ᠪᠤᠰᠤ ᠭᠡᠵᠦ ᠠᠶᠤᠪᠠᠯ ᠶᠠᠭᠠᠬᠢᠬᠤ ᠪᠤᠢ︖ 5 G - A ᠵᠢᠯᠣᠭᠤᠴᠢ ᠦᠭᠡᠢ ᠲᠡᠷᠭᠡ ᠨᠢ ᠶᠠᠭ ᠬᠤᠷᠮᠤᠰᠲᠠ ᠲᠡᠭᠷᠢ ᠶᠢᠨ ᠬᠠᠷᠠᠭ᠎ᠠ ᠶᠢ ᠨᠡᠭᠡᠭᠡᠭᠰᠡᠨ ᠰᠢᠭ ᠪᠤᠳᠤᠯᠢᠶᠠᠨᠲᠠᠢ ᠵᠠᠮ ᠤᠨ ᠪᠠᠶᠢᠳᠠᠯ ᠠᠴᠠ ᠠᠶᠤᠬᠤ ᠦᠭᠡᠢ ᠪᠠᠶᠢᠳᠠᠭ᠃ ᠵᠠᠷᠢᠮ ᠬᠥᠮᠥᠨ ᠤ ᠬᠡᠯᠡᠬᠦ ᠪᠠᠷ ᠡᠳᠡᠭᠡᠷ ᠨᠢ ᠵᠥᠪᠬᠡᠨ ᠰᠢᠨᠵᠢᠯᠡᠬᠦ ᠤᠬᠠᠭᠠᠨ ᠤ ᠬᠡᠢ ᠪᠤᠳᠤᠯ ᠤᠨ ᠺᠢᠨᠣ᠋ ᠳᠣᠲᠣᠷ᠎ᠠ ᠭᠠᠷᠳᠠᠭ᠂ ᠪᠣᠳᠠᠲᠤ ᠠᠮᠳᠤᠷᠠᠯ ᠳᠤ ᠪᠠᠶᠢᠳᠠᠭ ᠦᠭᠡᠢ ᠭᠡᠵᠦ ᠪᠤᠢ᠃ 5 G - A ᠨᠢ ᠣᠯᠠᠨ ᠠᠵᠢᠯ ᠲᠥᠷᠥᠯ ᠳᠤ ᠬᠦᠴᠦᠨ ᠨᠡᠮᠡᠷᠢᠯᠡᠬᠦ ᠦᠶ᠎ᠡ ᠳᠤ᠂ ᠡᠲᠡᠭᠡᠷ ᠪᠠᠶᠢᠳᠠᠯ ᠨᠢ ᠬᠦᠰᠡᠯ ᠮᠥᠷᠥᠭᠡᠳᠦᠯ ᠲᠡᠳᠦᠢ ᠪᠢᠰᠢ ᠪᠤᠯᠬᠤ ᠶᠤᠮ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号