ᠨᠢᠭᠡ ᠬᠡᠷᠡᠯ ᠵᠢᠷᠤᠭ ᠢᠶᠠᠷ ᠵᠣᠭᠤᠰ ᠢ ᠴᠢᠨᠢ ᠰᠡᠮᠡᠭᠡᠷ ᠰᠢᠯᠵᠢᠭᠦᠯᠦᠨ ᠠᠪᠠᠴᠢᠵᠤ ᠲᠡᠶᠢᠯᠦᠨ᠎ᠡ ᠭᠡᠨ᠎ᠡ ᠤᠤ︖
ᠨᠡᠶᠢᠲᠡᠯᠡᠭᠰᠡᠨ ᠴᠠᠭ᠄
2024/5/21
     ᠨᠢᠭᠡ ᠬᠡᠷᠡᠯ ᠵᠢᠷᠤᠭ ᠢᠶᠠᠷ ᠶᠠᠭᠤ ᠬᠢᠵᠦ ᠲᠡᠶᠢᠯᠬᠦ ᠪᠣᠢ︖ AI ᠮᠡᠷᠭᠡᠵᠢᠯ ᠢᠶᠠᠷ ᠨᠢᠭᠡᠨ ᠬᠡᠶᠢᠰᠪᠦᠷᠢ ᠸᠢᠳᠢᠤ᠋ ᠬᠢᠵᠦ ᠪᠣᠯᠣᠨ᠎ᠠ᠂ ᠪᠠᠰᠠ ᠭᠠᠷ ᠤᠲᠠᠰᠤᠨ ᠤ ᠨᠣᠮᠧᠷ ᠪᠠ ᠪᠠᠩᠬᠢ ᠶᠢᠨ ᠺᠠᠷᠲ ᠤᠨ ᠨᠣᠮᠧᠷ ᠢ ᠣᠷᠣᠭᠤᠯᠪᠠᠯ ᠴᠢᠮᠡᠭᠡ ᠢᠮᠡᠭᠡ ᠦᠭᠡᠢ ᠪᠠᠷ ᠴᠢᠨᠦ ᠪᠠᠩᠬᠢ ᠶᠢᠨ ᠺᠠᠷᠲ ᠤᠨ ᠵᠣᠭᠤᠰ ᠢ ᠰᠢᠯᠵᠢᠭᠦᠯᠵᠦ ᠪᠤᠯᠳᠠᠭ᠃              ᠨᠢᠭᠡᠨ AI ᠮᠡᠷᠭᠡᠵᠢᠯ ᠢᠶᠠᠷ ᠲᠤᠯᠭᠠᠭᠤᠷᠢ ᠪᠣᠯᠭᠠᠭᠰᠠᠨ ᠶᠠᠯᠠᠲᠤ ᠡᠪᠰᠡᠯ ᠪᠦᠯᠦᠭ ᠨᠢ AI ᠵᠥᠭᠡᠯᠡᠨ ᠲᠣᠨᠤᠭ ᠢ ᠠᠰᠢᠭᠯᠠᠨ ᠬᠥᠮᠥᠨ ᠤ ᠴᠢᠷᠠᠢ ᠶᠢᠨ ᠵᠢᠷᠤᠭ ᠢ ᠬᠥᠮᠥᠨ ᠤ ᠵᠢᠰᠦ ᠶᠢ ᠢᠯᠭᠠᠨ ᠲᠠᠨᠢᠬᠤ ᠶᠢ ᠰᠢᠯᠭᠠᠨ ᠪᠠᠲᠤᠯᠠᠬᠤ ᠸᠢᠳᠢᠤ᠋ ᠪᠣᠯᠭᠠᠵᠤ᠂ ᠭᠠᠷ ᠤᠲᠠᠰᠤᠨ ᠤ ᠨᠣᠮᠧᠷ ᠵᠢᠴᠢ ᠪᠠᠩᠬᠢ ᠶᠢᠨ ᠺᠠᠷᠲ ᠤᠨ ᠨᠣᠮᠧᠷ ᠲᠠᠢ ᠨᠢ ᠬᠠᠮᠲᠤ ᠬᠢᠯᠢ ᠶᠢᠨ ᠭᠠᠳᠠᠨᠠᠬᠢ ᠵᠣᠭᠤᠰ ᠨᠠᠭᠠᠳᠬᠤ ᠪᠤᠶᠤ ᠴᠠᠬᠢᠯᠭᠠᠨ ᠬᠤᠯᠪᠣᠭ᠎ᠠ ᠶᠢᠨ ᠰᠦᠯᠵᠢᠶᠡᠨ ᠤ ᠮᠡᠬᠡᠯᠡᠯ ᠤᠨ ᠵᠣᠬᠢᠶᠠᠨ ᠪᠠᠶᠢᠭᠤᠯᠤᠯᠲᠠ ᠳᠤ ᠪᠣᠭᠤᠳᠠᠯᠯᠠᠨ ᠬᠤᠳᠠᠯᠳᠤᠵᠤ ᠶᠠᠪᠤᠭᠤᠯᠤᠭᠠᠳ ᠠᠰᠢᠭ ᠣᠯᠵᠠᠢ᠃ ᠪᠠᠶᠢᠴᠠᠭᠠᠭᠰᠠᠨ ᠢᠶᠠᠷ᠂ ᠲᠣᠰ ᠡᠪᠰᠡᠯ ᠪᠦᠯᠦᠭ ᠤᠨ  ᠬᠢᠨ 50 ᠭᠠᠷᠤᠢ ᠬᠥᠮᠥᠨ ᠤ ᠨᠢᠭᠤᠷ ᠤᠨ ᠵᠢᠷᠤᠭ᠂ 100 ᠭᠠᠷᠤᠢ ᠪᠠᠩᠬᠢ ᠶᠢᠨ ᠺᠠᠷᠲ ᠪᠣᠯᠣᠨ ᠤᠲᠠᠰᠤᠨ ᠺᠠᠷᠲ ᠢ ᠬᠤᠳᠠᠯᠳᠤᠨ ᠠᠪᠤᠭᠠᠳ ᠬᠢᠯᠢ ᠶᠢᠨ ᠭᠠᠳᠠᠨᠠᠬᠢ ᠴᠠᠬᠢᠯᠭᠠᠨ ᠬᠤᠯᠪᠣᠭ᠎ᠠ ᠶᠢᠨ ᠰᠦᠯᠵᠢᠶᠡᠨ ᠤ ᠮᠡᠬᠡᠯᠡᠯ ᠤᠨ ᠶᠠᠯᠠᠲᠤ ᠡᠲᠡᠭᠡᠳ ᠢ ᠬᠠᠪᠰᠤᠷᠤᠨ 7000 ᠲᠦᠮᠡᠨ ᠲᠥᠭᠦᠷᠢᠭ ᠤᠨ ᠵᠣᠭᠤᠰ ᠤᠬᠢᠶᠠᠵᠤ ᠳᠤᠮᠳᠠ ᠠᠴᠠ ᠨᠢ ᠬᠠᠤᠯᠢ ᠪᠤᠰᠤ ᠪᠠᠷ ᠠᠰᠢᠭ ᠣᠯᠣᠭᠰᠠᠨ ᠪᠠᠶᠢᠨ᠎ᠠ᠃              ᠴᠠᠭᠳᠠᠭᠠᠨ ᠤ ᠲᠠᠯ᠎ᠠ ᠶᠢᠨ ᠬᠢᠨ᠄ ᠥᠷᠭᠡᠨ ᠣᠯᠠᠨ ᠲᠦᠮᠡᠨ ᠬᠤᠪᠢ ᠬᠥᠮᠥᠨ ᠤ ᠮᠡᠳᠡᠭᠡ ᠵᠠᠩᠭᠢ ᠪᠠᠨ ᠰᠠᠶᠢᠲᠤᠷ ᠬᠠᠮᠠᠭᠠᠯᠠᠵᠤ᠂ ᠭᠠᠷ ᠤᠲᠠᠰᠤᠨ ᠨᠣᠮᠧᠷ᠂ ᠪᠠᠩᠬᠢ ᠶᠢᠨ ᠲᠠᠩᠰᠠᠨ ᠨᠣᠮᠧᠷ ᠢᠶᠠᠨ ᠵᠠᠳᠠᠷᠠᠭᠤᠯᠵᠤ ᠪᠣᠯᠬᠤ ᠦᠭᠡᠢ ᠭᠡᠵᠦ ᠰᠠᠨᠠᠭᠤᠯᠪᠠ᠃  
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号