ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠡᠭᠦᠳᠦᠯᠲᠡ ᠶᠢᠨ  ᠦᠢᠯᠡᠳᠬᠦᠨ ᠤ ᠤᠷᠤᠯᠳᠤᠭᠠᠨ  ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/5/22
      5 ᠰᠠᠷ᠎ᠠ ᠶᠢᠨ 19᠎ ᠤ ᠡᠳᠦᠷ᠂ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠡᠭᠦᠳᠦᠯᠲᠡ ᠶᠢᠨ  ᠦᠢᠯᠡᠳᠬᠦᠨ ᠤ ᠤᠷᠤᠯᠳᠤᠭᠠᠨ  ᠠᠮᠵᠢᠯᠲᠠᠲᠠᠢ ᠶᠠᠪᠤᠭᠳᠠᠪᠠ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠠᠵᠢᠯᠯᠠᠭᠠᠨ ᠳᠤ ᠣᠷᠣᠯᠴᠠᠨ᠂ ᠤᠷᠤᠯᠳᠣᠭᠠᠨ ᠵᠢᠩᠬᠢᠨᠢ ᠪᠠᠷ ᠡᠬᠢᠯᠡᠭᠰᠡᠨ  ᠢ ᠵᠠᠷᠯᠠᠪᠠ᠃
     ᠲᠣᠰ ᠤᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ  ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠭᠦᠯᠦᠯᠲᠡ ᠶᠢᠨ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠡᠶᠢᠭᠡᠮᠯᠢᠭ ᠠᠴᠠ ᠬᠠᠮᠵᠢᠯᠴᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠹᠧᠩ ᠷᠦᠢ ᠰᠦᠯᠵᠢᠶᠡᠨ ᠤ ᠮᠡᠳᠡᠭᠡ ᠵᠠᠩᠭᠢ ᠶᠢᠨ ᠬᠢᠵᠠᠭᠠᠷᠲᠤ ᠺᠣᠮᠫᠠᠨᠢ  ᠠᠴᠠ ᠳᠠᠭᠠᠭᠠᠴᠢᠯᠠᠨ ᠡᠷᠭᠢᠯᠡᠪᠡ᠃      ᠤᠷᠤᠯᠳᠣᠭᠠᠨ ᠨᠢ ︽ᠪᠠᠷᠠᠭᠤᠨ ᠦᠵᠦᠮᠦᠴᠢᠨ ᠬᠤᠰᠢᠭᠤᠨ ᠤ 99 ᠨᠣᠮᠧᠷᠲᠤ ᠵᠠᠰᠠᠮᠠᠯ ᠵᠠᠮ  ᠳᠤ ᠪᠣᠯᠵᠣᠵᠤ ᠂ ᠲᠠᠯ᠎ᠠ ᠨᠤᠲᠤᠭ  ᠤᠨ ᠪᠦᠲᠦᠭᠡᠭᠳᠡᠬᠦᠨ ᠢ ᠣᠶᠢᠯᠠᠭᠠᠶ᠎ᠠ︾ ᠭᠡᠬᠦ ᠭᠤᠣᠯ ᠰᠡᠳᠦᠪ ᠢᠶᠠᠷ 3 ᠰᠠᠷ᠎ᠠ ᠶᠢᠨ ᠬᠤᠭᠤᠴᠠᠭ᠎ᠠ ᠎ ᠲᠠᠢ ᠦᠷᠨᠢᠵᠣ᠂ ᠪᠦᠬᠦ ᠤᠯᠤᠰ ᠤᠨ ᠡᠯ᠎ᠡ ᠭᠠᠵᠠᠷ ᠤᠨ ᠰᠣᠶᠣᠯ ᠤᠨ ᠡᠭᠦᠳᠦᠯᠲᠡ ᠶᠢᠨ ᠠᠵᠢᠯᠲᠠᠳ ᠲᠤ ᠬᠠᠨᠳᠤᠭᠤᠯᠤᠨ ᠶᠠᠪᠤᠭᠳᠠᠭᠰᠠᠨ ᠲᠣᠮᠣ ᠬᠡᠯᠪᠡᠷᠢ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠤᠷᠤᠯᠳᠤᠭᠠᠨ ᠪᠣᠯᠵᠤ᠂ ᠡᠯ᠎ᠡ  ᠭᠠᠵᠠᠷ ᠣᠷᠣᠨ ᠤ ᠬᠤᠪᠢ ᠬᠥᠮᠥᠨ᠂ ᠪᠦᠯᠬᠦᠮ ᠨᠢᠭᠡᠴᠡ ᠶᠢᠨ ᠠᠩᠬᠠᠷᠤᠯ ᠳᠤ ᠬᠦᠷᠴᠦ᠂ ᠰᠦᠯᠵᠢᠶ᠎ᠡ ᠪᠠᠷ ᠪᠢᠯᠧᠲ ᠥᠭᠬᠦ᠂ ᠰᠢᠯᠭᠠᠷᠠᠭᠤᠯᠬᠤ ᠺᠣᠮᠢᠰ ᠤᠨ ᠬᠤᠪᠢ ᠥᠭᠬᠦ᠂ ᠵᠣᠬᠢᠶᠠᠨ ᠪᠠᠶᠢᠭᠤᠯᠬᠤ ᠺᠣᠮᠢᠰ ᠤᠨ ᠶᠠᠷᠢᠯᠴᠠᠭ᠎ᠠ ᠬᠢᠬᠦ ᠵᠡᠷᠭᠡ ᠭᠤᠭᠴᠤᠭ᠎ᠠ ᠪᠠᠷ ᠳᠡᠮᠵᠢᠨ᠂ ᠨᠡᠶᠢᠲᠡ 248 ᠪᠦᠲᠦᠭᠡᠯ ᠢ ᠰᠣᠩᠭᠤᠨ ᠭᠠᠷᠭᠠᠵᠠᠢ᠂ ᠡᠭᠦᠨ ᠳᠤ 124 ᠪᠣᠳᠠᠲᠤ ᠪᠣᠳᠠᠰ ᠤᠨ ᠲᠥᠷᠥᠯ᠂ 124 ᠵᠢᠷᠤᠭ ᠲᠥᠯᠥᠪᠯᠡᠭᠡ ᠶᠢᠨ ᠲᠥᠷᠥᠯ ᠪᠣᠶ᠃
         ᠲᠣᠰ ᠤᠳᠠᠭᠠᠨ ᠤ ᠰᠢᠢᠳᠪᠦᠷᠢᠲᠦ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤ ᠵᠢᠴᠢ ᠤᠯᠠᠭᠠᠨᠬᠠᠳᠠ ᠬᠤᠲᠠ ᠵᠡᠷᠭᠡ ᠭᠠᠵᠠᠷ ᠤᠨ ᠣᠷᠣᠯᠴᠠᠭᠰᠠᠳ ᠤᠨ 19 ᠪᠦᠲᠦᠭᠡᠯ ᠣᠷᠣᠯᠴᠠᠵᠤ᠂ ︽3 ᠮᠢᠨᠦ᠋ᠲ ᠤᠨ ᠶᠠᠷᠢᠶ᠎ᠠ ᠢᠯᠡᠳᠬᠡᠯ ᠬᠢᠵᠦ ᠲᠠᠨᠢᠯᠴᠠᠭᠤᠯᠬᠤ︾ ᠬᠡᠯᠪᠡᠷᠢ ᠪᠠᠷ  ᠪᠦᠲᠦᠭᠡᠯ ᠢᠶᠠᠨ ᠲᠠᠨᠢᠯᠴᠠᠭᠤᠯᠤᠨ᠂ ᠬᠤᠶᠠᠳᠤᠭᠠᠷ ᠭᠤᠷᠪᠠᠳᠤᠭᠠᠷ ᠳᠡᠰ ᠤᠨ ᠪᠦᠲᠦᠭᠡᠯ ᠪᠠ 15 ᠰᠢᠯᠢᠳᠡᠭ ᠪᠦᠲᠦᠭᠡᠯ ᠢ ᠰᠣᠩᠭᠤᠨ ᠭᠠᠷᠭᠠᠵᠠᠢ᠃     ᠥᠪᠥᠷ ᠮᠣᠩᠭᠤᠯ ᠤᠨ ᠨᠠᠷᠠᠲᠤ ᠵᠢᠷᠤᠭ ᠲᠥᠯᠥᠪᠯᠡᠭᠴᠢ᠂ ᠤᠬᠠᠭᠠᠯᠠᠭᠴᠢ᠂ ᠨᠠᠷᠠᠲᠤ ᠲᠡᠮᠳᠡᠭᠲᠦ ᠶᠢᠨ ᠲᠠᠨᠢᠯᠴᠠᠭᠤᠯᠤᠭᠴᠢ᠂  ᠲᠤᠰ ᠤᠳᠠᠭᠠᠨ  ᠤ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ  ᠬᠦᠴᠦᠨ᠄ ︽ᠲᠤᠰ ᠤᠳᠠᠭᠠᠨ  ᠤ ᠤᠷᠤᠯᠳᠣᠭᠠᠨ ᠪᠣᠯ ᠪᠠᠷᠠᠭᠤᠨ ᠦᠵᠦᠮᠦᠴᠢᠨ ᠬᠤᠰᠢᠭᠤ ᠬᠤᠶᠠᠳᠠᠭᠢ ᠤᠳᠠᠭ᠎ᠠ ᠵᠣᠬᠢᠶᠠᠨ ᠪᠠᠶᠢᠭᠤᠯᠵᠤ ᠪᠠᠶᠢᠭ᠎ᠠ  ᠶᠤᠮ᠃ ᠡᠨᠡ ᠤᠳᠠᠭᠠᠨ  ᠤ ᠤᠷᠤᠯᠳᠤᠭᠠᠨ ᠳᠤ  ᠶᠡᠭᠡ ᠤᠯᠠᠨ ᠰᠢᠨ᠎ᠡ ᠬᠡᠯᠪᠡᠷᠢ ᠶᠢᠨ ᠪᠦᠲᠦᠭᠡᠯ  ᠪᠠᠶᠢᠬᠤ ᠪᠠᠷ ᠪᠠᠷᠠᠬᠤ ᠦᠭᠡᠢ ᠤᠯᠠᠮᠵᠢᠯᠠᠯᠲᠤ ᠪᠦᠲᠦᠭᠡᠯ ᠪᠠᠶᠢᠨ᠎ᠠ᠃ ᠶᠡᠭᠡ ᠰᠠᠶᠢᠬᠠᠨ ᠪᠣᠯᠣᠯ᠎ᠠ᠃ ᠤᠷᠤᠯᠳᠣᠭᠠᠨ ᠳᠤ  ᠶᠡᠭᠡ ᠤᠯᠠᠨ ᠵᠠᠯᠠᠭᠤᠴᠤᠳ ᠣᠷᠣᠨ ᠨᠤᠲᠤᠭ  ᠤᠨ ᠢᠶᠠᠨ ᠰᠣᠶᠣᠯ ᠵᠢᠭᠤᠯᠴᠢᠯᠠᠯ  ᠤᠨ ᠣᠨᠴᠠᠯᠢᠭ ᠂ ᠰᠣᠶᠣᠯ ᠢᠷᠭᠡᠨᠰᠢᠯ ᠲᠠᠢ ᠤᠶᠠᠯᠳᠤᠭᠤᠯᠤᠨ᠂ ᠤᠯᠠᠨ ᠰᠠᠶᠢᠬᠠᠨ ᠰᠣᠶᠣᠯ ᠵᠢᠭᠤᠯᠴᠢᠯᠠᠯ  ᠤᠨ ᠪᠦᠲᠦᠭᠡᠭᠳᠡᠬᠦᠨ  ᠢ ᠤᠷᠠᠯᠠᠨ ᠭᠠᠷᠭᠠᠭᠰᠠᠨ ᠪᠠᠶᠢᠨ᠎ᠠ᠃  ᠡᠳᠠᠬᠡᠷ  ᠪᠦᠲᠦᠭᠡᠯ ᠨᠢ ᠬᠥᠮᠥᠰ  ᠤᠨ ᠠᠩᠬᠠᠷᠤᠯ  ᠢ ᠶᠡᠬᠡᠬᠡᠨ ᠲᠠᠲᠠᠵᠤ᠂  ᠭᠤᠶᠤ  ᠪᠦᠲᠦᠭᠡᠯ ᠪᠣᠯᠵᠠᠢ︾ ᠭᠡᠯ᠎ᠡ᠃
     ᠰᠣᠶᠣᠯ ᠤᠨ ᠡᠭᠦᠳᠦᠯᠲᠡ ᠶᠢᠨ ᠠᠵᠤ ᠦᠢᠯᠡᠰ ᠪᠣᠯ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠬᠤ ᠠᠵᠤ ᠦᠢᠯᠡᠰ  ᠪᠠᠶᠢᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠠᠮᠢᠵᠢᠷᠠᠯ ᠤᠨ ᠬᠦᠴᠦᠨ ᠲᠠᠢ ᠠᠵᠤ ᠦᠢᠯᠡᠰ᠂ ᠪᠠᠰᠠ ᠴᠤ ᠭᠠᠵᠠᠷ ᠣᠷᠣᠨ ᠤ ᠠᠵᠤ ᠠᠬᠤᠢ ᠶᠢᠨ ᠥᠷᠢᠰᠦᠯᠳᠦᠬᠦ ᠬᠦᠴᠦᠨ ᠪᠠ ᠰᠣᠶᠣᠯ ᠤᠨ  ᠬᠦᠴᠦᠨ ᠢ ᠳᠡᠭᠡᠭᠰᠢᠯᠡᠭᠦᠯᠬᠦ ᠴᠢᠬᠤᠯᠠ ᠠᠵᠤ ᠦᠢᠯᠡᠰ ᠪᠣᠯᠣᠨ᠎ᠠ᠃ ᠲᠣᠰ ᠤᠳᠠᠭᠠᠨ ᠤ ᠦᠨᠳᠦᠰᠦᠲᠡᠨ ᠤ ᠰᠣᠶᠣᠯ ᠢᠶᠠᠷ ᠭᠤᠣᠯ ᠰᠡᠳᠦᠪ ᠪᠣᠯᠭᠠᠭᠰᠠᠨ ᠱᠤᠭᠤᠮᠠᠯ᠂ ᠲᠣᠰᠣᠨ ᠪᠤᠳᠤᠭ ᠤᠨ ᠵᠢᠷᠤᠭ᠂ ᠠᠷᠠᠰᠤ ᠪᠠᠷ ᠬᠢᠭᠰᠡᠨ ᠭᠠᠷ ᠤᠷᠠᠯᠠᠯ᠂ ᠢᠰᠡᠭᠡᠢ ᠤᠷᠠᠯᠠᠯ  ᠂ ᠴᠠᠭᠠᠨ ᠢᠳᠡᠭᠡ ᠵᠡᠷᠭᠡ ᠪᠦᠲᠦᠭᠡᠯ  ᠎ ᠨᠢ ᠪᠠᠷᠠᠭᠤᠨ ᠦᠵᠦᠮᠦᠴᠢᠨ ᠬᠤᠰᠢᠭᠤᠨ  ᠤ ᠣᠷᠣᠨ ᠨᠤᠲᠤᠭ ᠤᠨ  ᠰᠣᠶᠣᠯ ᠵᠠᠩᠰᠢᠯ᠂ ᠵᠢᠭᠤᠯᠴᠢᠯᠠᠯ  ᠤᠨ ᠬᠡᠪ ᠨᠠᠮᠪᠠ ᠶᠢ ᠳᠡᠯᠭᠡᠨ ᠦᠵᠡᠭᠦᠯᠵᠦ᠂ ᠤᠷᠠᠨ ᠰᠠᠶᠢᠬᠠᠨ ᠪᠦᠲᠦᠭᠡᠯ ᠢᠶᠠᠷ ᠢᠶᠠᠨ ᠪᠠᠷᠠᠭᠤᠨ ᠦᠵᠦᠮᠦᠴᠢᠨ ᠬᠤᠰᠢᠭᠤ ᠪᠠᠨ ᠤᠬᠠᠭᠤᠯᠤᠨ ᠲᠠᠨᠢᠯᠴᠠᠭᠤᠯᠤᠭᠰᠠᠨ  ᠪᠠᠶᠢᠨ᠎ᠠ᠃     ᠣᠷᠣᠯᠴᠠᠭᠴᠢ   ᠰᠤᠪᠤᠳ  ᠄ ︽ᠡᠨᠡ ᠤᠳᠠᠭᠠᠨ  ᠤ ᠤᠷᠤᠯᠳᠣᠭᠠᠨ ᠳᠤ  ᠣᠷᠣᠯᠴᠠᠭᠠᠳ ᠬᠤᠶᠠᠳᠤᠭᠠᠷ ᠲᠠᠰ ᠎ ᠤᠨ ᠱᠠᠩᠨᠠᠯ  ᠣᠯᠣᠭᠰᠠᠨ  ᠳᠤ ᠪᠠᠨ  ᠶᠡᠭᠡ  ᠪᠠᠶᠠᠷᠲᠠᠢ ᠪᠠᠶᠢᠨ᠎ᠠ᠃  ᠪᠢ ᠪᠠᠰᠠ ᠬᠤᠶᠠᠳᠤᠭᠠᠷ ᠱᠠᠩᠨᠠᠯ  ᠢ ᠭᠦᠷᠳᠡᠨ᠎ᠠ ᠭᠡᠵᠦ ᠪᠤᠳᠣᠵᠦ ᠣᠯᠣᠭᠰᠠᠨ  ᠦᠭᠡᠢ᠂ ᠲᠤᠰ ᠤᠳᠠᠭᠠᠨ  ᠎ ᠤ ᠤᠷᠤᠯᠳᠣᠭᠠᠨ  ᠤ ᠤᠯᠠᠨ ᠰᠠᠶᠢᠬᠠᠨ ᠪᠦᠲᠦᠭᠡᠯ ᠨᠢ ᠮᠢᠨᠤ ᠬᠤᠶᠢᠰᠢᠳᠠ ᠶᠢᠨ ᠡᠭᠦᠳᠦᠨ ᠪᠦᠲᠦᠭᠡᠯᠲᠡ ᠳᠤ ᠰᠢᠨ᠎ᠡ ᠰᠠᠶᠢᠬᠠᠨ ᠰᠡᠩᠬᠡᠬᠡᠷᠡᠬᠦᠯᠤᠯ  ᠪᠣᠯᠣᠨ ᠲᠣᠯᠢ  ᠪᠣᠯᠵᠤ᠂ ᠣᠯᠣᠯᠲᠠ  ᠠᠮᠵᠢᠯᠲᠠ  ᠳᠦᠭᠦᠷᠡᠩ  ᠨᠢᠭᠡ ᠤᠳᠠᠭᠠᠨ  ᠤ ᠤᠷᠤᠯᠳᠣᠭᠠᠨ ᠪᠣᠯᠤᠭᠰᠠᠨ ᠪᠠᠶᠢᠨ᠎ᠠ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号