ᠭᠠᠳᠠᠨ᠎ᠠ ᠶᠢᠨ ᠮᠠᠯ ᠢ ᠣᠷᠤᠭᠤᠯᠵᠦ ᠮᠠᠯᠵᠢᠬᠤ ᠶᠢ ᠴᠠᠭᠠᠵᠠᠯᠠᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/22
     ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠮᠠᠯ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠬᠠᠤᠯᠢ ᠶᠣᠰᠣᠭᠠᠷ ᠬᠠᠮᠠᠭᠠᠯᠠᠨ᠂ ᠭᠠᠳᠠᠨ᠎ᠠ ᠠᠴᠠ ᠮᠠᠯ ᠤᠷᠤᠭᠤᠯᠵᠦ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠬᠤᠷᠢᠭᠯᠠᠬᠤ ᠶᠢᠨ ᠳᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ  ᠵᠤᠭᠰᠤᠭᠠᠨ ᠪᠡᠯᠴᠢᠭᠡᠷ ᠰᠡᠷᠭᠦᠭᠡᠬᠦ ᠳᠦᠷᠢᠮ︾᠎ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠤᠤᠷ᠎ᠠ ᠵᠠᠷᠯᠠᠶ᠎ᠠ᠃     ᠨᠢᠭᠡ᠂ ᠡᠯ᠎ᠡ ᠨᠤᠲᠤᠭ ᠪᠡᠯᠴᠢᠭᠡᠷ ᠤᠨ ᠡᠵᠡᠩᠨᠡᠯᠲᠡ ᠶᠢᠨ ᠨᠢᠭᠡᠴᠡ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠰᠡᠨ ᠡᠷᠦᠬᠡ ︵ᠮᠠᠯᠵᠢᠬᠤ ᠡᠷᠦᠬᠡ︶᠂ ᠣᠢ ᠰᠢᠭᠤᠶᠢᠲᠤ ᠣᠷᠣᠨ ᠤ ᠰᠠᠭᠤᠭᠠᠯᠢ ᠠᠷᠠᠳ ᠨᠢ ᠶᠠᠮᠠᠷᠴᠦ ᠰᠢᠯᠳᠠᠭᠠᠨ ᠪᠤᠶᠤ ᠶᠠᠮᠠᠷᠴᠦ ᠬᠡᠯᠪᠡᠷᠢ ᠪᠠᠷ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠳᠡᠭᠡᠷ᠎ᠡ ᠭᠠᠳᠠᠨ᠎ᠠ ᠶᠢᠨ ᠮᠠᠯ ᠤᠨᠤᠭ᠎ᠠ ᠶᠢ ᠤᠷᠤᠭᠤᠯᠤᠨ ᠮᠠᠯᠵᠢᠵᠦ ᠪᠣᠯᠬᠤ ᠦᠭᠡᠢ᠃     ᠬᠤᠶᠠᠷ᠂ ᠭᠠᠳᠠᠨ᠎ᠠ ᠠᠴᠠ ᠮᠠᠯ ᠤᠨᠤᠭ᠎ᠠ ᠤᠷᠤᠭᠤᠯᠵᠦ ᠮᠠᠨ ᠤ ᠬᠤᠰᠢᠭᠤᠨ ᠤ ᠬᠠᠷᠢᠶᠠᠨ ᠳᠤ ᠮᠠᠯᠵᠢᠭᠰᠠᠨ ᠮᠠᠯᠵᠢᠬᠤ ᠡᠷᠦᠬᠡ ︵ᠡᠵᠡᠩᠨᠡᠯᠲᠡ ᠶᠢᠨ ᠨᠢᠭᠡᠴᠡ︶᠎ ᠶᠢ ᠪᠠᠶᠢᠴᠠᠭᠠᠨ ᠲᠤᠲᠤᠯᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠰᠡᠷᠭᠦᠭᠡᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠴᠢᠩᠭ᠎ᠠ ᠰᠢᠳᠬᠡᠬᠦ ᠶᠢᠨ ᠬᠠᠮᠲᠤ᠂ ᠲᠤᠰ ᠵᠢᠯ ᠤᠨ ᠡᠯ᠎ᠡ ᠵᠦᠢᠯ ᠤᠨ ᠱᠠᠩᠨᠠᠯ ᠤᠷᠮᠠᠰᠢᠭᠤᠯᠤᠯ ᠤᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠵᠢᠴᠢ ᠬᠠᠮᠢᠶ᠎ᠠ ᠪᠦᠬᠦᠢ ᠮᠠᠯᠴᠢᠳ ᠲᠤ ᠠᠰᠢᠭ ᠬᠦᠷᠲᠡᠭᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠬᠦ ᠦᠭᠡᠢ᠃     ᠭᠤᠷᠪᠠ᠂ ᠨᠢᠭᠡᠨᠳᠡ ᠭᠠᠳᠠᠨ᠎ᠠ ᠠᠴᠠ ᠮᠠᠯ ᠤᠨᠤᠭ᠎ᠠ ᠤᠷᠤᠭᠤᠯᠵᠦ ᠮᠠᠯᠵᠢᠭᠰᠠᠨ ᠮᠠᠯᠵᠢᠬᠤ ᠡᠷᠦᠬᠡ ︵ᠡᠵᠡᠩᠨᠡᠯᠲᠡ ᠶᠢᠨ ᠨᠢᠭᠡᠴᠡ︶᠎ ᠨᠢ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ᠂ ᠤᠷᠤᠭᠤᠯᠵᠦ ᠠᠪᠴᠢᠷᠠᠭᠰᠠᠨ ᠮᠠᠯ ᠢᠶᠠᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠠᠴᠠ ᠭᠠᠷᠭᠠᠬᠤ ᠬᠡᠷᠡᠭᠲᠡᠢ᠃ ᠲᠣᠰ ᠠᠯᠪᠠᠨ ᠵᠠᠷᠯᠠᠯ ᠤᠨ ᠲᠣᠭᠲᠠᠭᠠᠯ ᠢ ᠬᠡᠷᠡᠭᠵᠢᠬᠦᠯᠬᠦ ᠦᠭᠡᠢ ᠮᠠᠯᠵᠢᠬᠤ ᠡᠷᠦᠬᠡ ︵ᠡᠵᠡᠩᠨᠡᠯᠲᠡ ᠶᠢᠨ ᠨᠢᠭᠡᠴᠡ︶᠎ ᠶᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ᠂ ᠲᠤᠰ ᠵᠢᠯ ᠤᠨ ᠡᠯ᠎ᠡ ᠵᠦᠢᠯ ᠤᠨ ᠱᠠᠩᠨᠠᠯ ᠤᠷᠮᠠᠰᠢᠭᠤᠯᠤᠯ ᠤᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠵᠢᠴᠢ ᠬᠠᠮᠢᠶ᠎ᠠ ᠪᠦᠬᠦᠢ ᠮᠠᠯᠴᠢᠳ ᠲᠤ ᠠᠰᠢᠭ ᠬᠦᠷᠲᠡᠭᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠬᠦ ᠦᠭᠡᠢ᠃    ᠳᠥᠷᠪᠡ᠂ ᠡᠯ᠎ᠡ ᠭᠠᠴᠠᠭᠠᠨ ᠤ ︽ᠡᠭᠦᠷ ᠵᠥᠪᠯᠡᠯ︾᠎ ᠨᠢ ᠭᠠᠳᠠᠨ᠎ᠠ ᠶᠢᠨ ᠮᠠᠯ ᠤᠨᠤᠭ᠎ᠠ ᠶᠢ ᠤᠷᠤᠭᠤᠯᠬᠤ ᠶᠢ ᠴᠢᠩᠭ᠎ᠠ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠦ᠂ ᠥᠷᠭᠡᠨ ᠣᠯᠠᠨ ᠮᠠᠯᠴᠢᠳ ᠢ ᠬᠥᠲᠥᠯᠥᠨ ᠵᠢᠯᠤᠭᠤᠳᠴᠤ᠂ ᠨᠤᠲᠤᠭ ᠪᠡᠯᠴᠢᠭᠡᠷ ᠢᠶᠠᠨ ᠬᠠᠮᠠᠭᠠᠯᠠᠬᠤ ᠦᠵᠡᠯ ᠤᠬᠠᠮᠰᠠᠷ ᠢ ᠨᠢ ᠰᠠᠶᠢᠲᠤᠷ ᠪᠠᠳᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ ᠬᠡᠷᠡᠭᠲᠡᠢ᠃     ᠲᠠᠪᠤ᠂ ᠨᠡᠶᠢᠭᠡᠮ ᠤᠨ ᠡᠯ᠎ᠡ ᠡᠲᠡᠭᠡᠳ ᠤᠨ ᠭᠠᠳᠠᠨ᠎ᠠ ᠠᠴᠠ ᠮᠠᠯ ᠤᠷᠤᠭᠤᠯᠬᠤ ᠶᠢ ᠴᠠᠭᠠᠵᠠᠯᠠᠬᠤ ᠠᠵᠢᠯ ᠳᠤ ᠥᠷᠭᠡᠨ ᠢᠶᠠᠷ ᠣᠷᠣᠯᠴᠠᠬᠤ ᠶᠢ ᠵᠤᠷᠢᠭᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠬᠦᠯᠬᠦ ᠶᠢᠨ ᠳᠦᠯᠦᠭᠡ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠭᠠᠳᠠᠨ᠎ᠠ ᠶᠢᠨ ᠮᠠᠯ ᠢ ᠤᠷᠤᠭᠤᠯᠵᠦ ᠮᠠᠯᠵᠢᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢᠨ ᠰᠦᠪᠡᠭᠴᠢ ᠬᠠᠩᠭᠠᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠦᠬᠢᠬᠦᠯᠬᠦ ᠪᠠᠷ ᠪᠤᠯᠪᠠ᠃ ᠬᠠᠮᠢᠶ᠎ᠠ ᠪᠦᠬᠦᠢ ᠰᠦᠪᠡᠭᠴᠢ ᠶᠢ ᠪᠠᠶᠢᠴᠠᠭᠠᠨ ᠲᠣᠳᠣᠯᠠᠭᠠᠳ ᠬᠡᠷᠡᠭ ᠳᠠᠭᠤᠰᠬᠠᠭᠰᠠᠨ ᠤ ᠳᠠᠷᠠᠭ᠎ᠠ᠂ ᠦᠨ᠎ᠡ ᠥᠷᠲᠡᠭ ᠲᠠᠢ ᠰᠦᠪᠡᠭᠴᠢ ᠬᠠᠩᠭᠠᠭᠰᠠᠨ ᠨᠢᠭᠡᠳᠦᠭᠡᠷ ᠢᠯᠡᠴᠢᠯᠡᠨ ᠮᠡᠳᠡᠭᠦᠯᠦᠭᠴᠢ ᠳᠤ 500 ᠲᠥᠭᠦᠷᠢᠭ ᠠᠴᠠ 1000 ᠲᠥᠭᠦᠷᠢᠭ ᠤᠨ ᠱᠠᠩᠨᠠᠯ ᠣᠯᠭᠤᠨ᠎ᠠ᠃  24 ᠴᠠᠭ ᠤᠨ ᠢᠯᠡᠴᠢᠯᠡᠨ ᠮᠡᠳᠡᠭᠦᠯᠬᠦ ᠤᠲᠠᠰᠤ᠄      ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠄ 0479 ︱ 3916714      ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 3954565      ᠪᠠᠶᠠᠨᠬᠤᠸᠠ ᠪᠠᠯᠭᠠᠰᠤ᠄ ᠬᠠᠢ ᠱᠠᠨ 13614896268      ᠬᠤᠭᠤᠯᠠᠳᠤ ᠶᠢᠨ ᠭᠤᠣᠯ ᠪᠠᠯᠭᠠᠰᠤ᠄ ᠢᠪᠡᠭᠡᠯ 13947947755      ᠵᠢᠷ ᠤᠨ ᠭᠤᠣᠯ ᠪᠠᠯᠭᠠᠰᠤ᠄ ᠠᠯᠲᠠᠨᠪᠠᠭᠠᠨ᠎ᠠ 15047930076      ᠪᠠᠶᠠᠨᠬᠤᠰᠢᠭᠤ ᠰᠤᠮᠤ᠄ ᠰᠡᠷᠭᠦᠯᠡᠩ 13474793103      ᠭᠤᠷᠤᠬᠠᠨ ᠪᠠᠯᠭᠠᠰᠤ᠄ ᠸᠠᠩ ᡁᠢ ᠶᠦᠩ 15249574545      ᠤᠯᠠᠭᠠᠨ ᠬᠠᠭᠠᠯᠭ᠎ᠠ ᠰᠤᠮᠤ᠄ ᠬᠠᠰᠴᠢᠯᠠᠭᠤ 13947984486      ᠣᠨᠴᠠᠭᠠᠶᠢᠯᠠᠨ ᠵᠠᠷᠯᠠᠪᠠ              ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                       2024 ᠣᠨ ᠤ 5 ᠰᠠᠷ᠎ᠠ ᠶᠢᠨ 22᠎ ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号