ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 6 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/22
     5 ᠰᠠᠷ᠎ᠠ ᠶᠢᠨ 20 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 6 ᠳ᠋ᠤᠭᠠᠷ ᠤᠳᠠᠭᠠᠨ ᠤ  ᠨᠢᠭᠡᠳᠦᠯᠲᠡᠢ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪ ᠤᠨ ᠲᠣᠭᠤᠷᠢᠨ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠲᠤᠬᠠᠢ ᠴᠢᠬᠤᠯᠠ ᠥᠭᠦᠯᠡᠯᠲᠡ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
    ᠮᠥᠩᠭᠦᠨᠱᠠ ᠱᠠᠭᠠᠷᠳᠠᠭᠰᠠᠨ ᠨᠢ᠄     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠨᠢᠭᠡᠳᠦᠯᠲᠡᠢ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠢ ᠪᠦᠯᠦᠭ ᠳᠠᠷᠠᠭᠠᠯᠠᠨ ᠨᠢᠮᠪᠠᠢ ᠰᠤᠷᠤᠯᠴᠠᠵᠤ᠂ ᠪᠥᠬᠦ ᠬᠤᠰᠢᠭᠤ ᠪᠠᠷ ᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ‍ᠤᠨ‌ᠥᠨᠳᠥᠷ ᠦᠷ᠎ᠡ ᠪᠦᠲᠦᠮᠵᠢ ᠣᠯᠬᠤ ᠶᠢ ᠪᠠᠲᠤᠯᠬᠠᠤ ᠬᠡᠷᠡᠭᠲᠡᠢ ᠭᠡᠵᠡᠢ᠃     ᠮᠥᠩᠭᠦᠨᠱᠠ ᠱᠠᠭᠠᠷᠳᠠᠭᠰᠠᠨ ᠨᠢ᠄     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤᠳᠬᠠᠬᠤ ᠶᠢᠨ ᠲᠣᠭᠤᠷᠢᠨ ᠳᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠶᠢ ᠲᠦᠷᠭᠡᠳᠬᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠵᠢᠭᠦᠯᠬᠦ ᠶᠢ ᠪᠠᠷᠢᠮᠲᠠᠯᠠᠵᠤ᠂ ᠭᠤᠣᠯ ᠱᠤᠭᠤᠮ  ᠲᠠᠢ ᠨᠢᠭᠲᠠ ᠤᠶᠠᠯᠳᠤᠭᠤᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠰᠠᠶᠢᠲᠤᠷ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠡᠯ᠎ᠡ ᠰᠤᠮᠤ ᠪᠠᠯᠭᠠᠰᠤ᠂  ᠰᠠᠯᠠᠭ᠎ᠠ ᠮᠥᠴᠢᠷ ᠨᠢ ᠦᠷᠭᠦᠯᠵᠢᠯᠡᠨ ᠴᠢᠷᠮᠠᠶᠢᠵᠤ᠂ ᠴᠠᠭ ᠢ ᠠᠮᠵᠢᠨ ᠳᠤᠲᠠᠭᠳᠠᠯ ᠪᠠ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠡᠯ᠎ᠡ ᠵᠦᠢᠯ ᠤᠨ ᠠᠵᠢᠯ  ᠡᠭᠦᠷᠭᠡ ᠪᠠᠨ ᠰᠠᠶᠢᠲᠤᠷ ᠪᠡᠶᠡᠯᠡᠭᠦᠯᠵᠦ᠂ ︽ᠡᠬᠢᠯᠡᠪᠡᠯ ᠯᠠᠪᠲᠠᠢ   ᠪᠦᠲᠦᠭᠡᠬᠦ︾ ᠬᠦᠴᠦᠷᠬᠡᠭ ᠶᠡᠭᠡ ᠬᠠᠮᠲᠤᠷᠠᠭᠰᠠᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠵᠤ᠂  ᠴᠣᠭᠴᠠᠯᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃     ᠬᠤᠷᠠᠯ ᠳᠤ ᠣᠷᠣᠯᠴᠠᠭᠰᠠᠳ ᠪᠠᠰᠠ ︽ᠲᠤᠭ᠎ᠠ ᠪᠦᠷᠢᠳᠬᠡᠯ ᠤᠨ ᠬᠠᠤᠯᠢ ᠵᠥᠷᠢᠴᠡᠭᠰᠡᠨ ᠬᠦᠨᠳᠦ ᠶᠡᠭᠡ ᠵᠢᠱᠢᠶ᠎ᠡ ︾ ᠵᠡᠷᠭᠡ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢ ᠰᠤᠷᠤᠯᠴᠠᠪᠠ᠃ ᠮᠡᠷᠭᠡᠨᠳᠠᠯᠠᠢ᠂ ᠦ᠋ ᡁᠢ ᠴᠢᠶᠠᠩ᠂ ᠲᠠᠢ ᠫᠢᠩ᠂ ᠣᠨᠳᠬᠠᠨᠪᠠᠭᠠᠲᠤᠷ ᠨᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠷᠤᠯᠴᠠᠨ ᠪᠠᠲᠤᠳᠬᠠᠬᠤ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠪᠤᠰᠤᠳ ᠨᠥᠬᠦᠳ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠪᠢᠴᠢᠭ ᠤᠨ ᠬᠡᠯᠪᠡᠷᠢ ᠪᠠᠷ ᠲᠤᠰᠢᠶᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号