ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨᠭᠤᠣᠯᠯᠠᠬᠤ ᠳᠤᠭᠤᠶᠢᠯᠠᠩ 2024 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭ᠋᠊
ᠨᠡᠶᠢᠲᠡᠯᠡᠭᠰᠡᠨ ᠴᠠᠭ᠄
2024/5/22
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠤᠰᠠᠳᠠ᠂ 5 ᠰᠠᠷ᠎ᠠ ᠶᠢᠨ 21 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃
    ᠬᠤᠷᠠᠯ ᠳᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠤᠯᠤᠰ ᠲᠦᠷᠦ ᠶᠢᠨ ᠤᠬᠠᠭᠠᠨ ᠤ ᠵᠢᠭᠠᠬᠤ ᠶᠢ ᠰᠤᠳᠤᠯᠬᠤ ᠬᠡᠯᠲᠡᠰ ᠤᠨ ᠡᠷᠬᠢᠯᠡᠭᠴᠢ ᠵᠤᠸᠠᠩ ᠴᠢᠶᠠᠨ ᠶᠢᠤ ᠫᠷᠤᠹᠧᠰᠰᠤᠷ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠵᠤᠸᠠᠩ ᠴᠢᠶᠠᠨ ᠶᠢᠦ ᠫᠷᠤᠹᠧᠰᠰᠤᠷ ᠠᠴᠠ ︽ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠤᠶ᠎ᠠ︾ ᠭᠡᠬᠦ ᠰᠡᠳᠦᠪ ᠢᠶᠠᠷ᠂  ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠪᠠᠷ ᠬᠢ ᠲᠤᠰᠬᠠᠢ ᠮᠡᠷᠭᠡᠵᠢᠯ ᠤᠨ ᠰᠤᠳᠤᠯᠭᠠᠨ ᠪᠠ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ  ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠲᠦᠭᠰᠢᠭᠦᠷᠢ ᠪᠣᠯᠣᠨ ᠥᠷᠢᠰᠦᠯᠳᠦᠭᠡᠨ ᠢ ᠭᠦᠢᠴᠡᠳ ᠲᠠᠨᠢᠬᠤ᠂ ᠦᠵᠡᠯ ᠤᠬᠠᠮᠰᠠᠷ ᠤᠨ ᠬᠡᠯᠪᠡᠷᠢ   ᠶᠢᠨ ᠤᠳᠤᠷᠢᠳᠬᠤ ᠡᠷᠬᠡ ᠶᠢ ᠪᠠᠲᠤ ᠡᠵᠡᠮᠰᠢᠵᠦ ᠨᠠᠮ ᠤᠨ ᠦᠵᠡᠯ ᠤᠬᠠᠮᠰᠠᠷ ᠤᠨ ᠬᠡᠯᠪᠡᠷᠢ  ᠶᠢᠨ ᠠᠵᠢᠯ ᠢ ᠰᠠᠶᠢᠲᠤᠷ ᠬᠢᠬᠦ ᠵᠡᠷᠭᠡ ᠲᠠᠯ᠎ᠠ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠷᠢ ᠰᠠᠭᠤᠷᠢ ᠪᠣᠯᠣᠨ ᠦᠢᠯᠡᠳᠦᠯ ᠢ ᠭᠦᠨᠵᠡᠭᠡᠢ ᠲᠣᠳᠣᠷᠬᠠᠶᠢᠯᠠᠨ ᠲᠠᠶᠢᠯᠪᠤᠷᠢᠯᠠᠵᠤ᠂ ᠣᠳᠣᠬᠠᠨ ᠳᠤ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠢᠰᠲ᠋ᠧᠮ ᠲᠠᠢ ᠲᠠᠶᠢᠯᠪᠤᠷᠢᠯᠠᠯᠲᠠ ᠬᠢᠵᠦ᠂ ᠪᠣᠯᠪᠠᠰᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠳᠤ ᠤᠨᠤᠯ ᠲᠦᠷᠦ ᠶᠢᠨ ᠪᠣᠳᠣᠯᠭ᠎ᠠ ᠶᠢᠨ ᠵᠢᠷᠤᠮᠯᠠᠯ ᠪᠠ ᠦᠢᠯᠡᠳᠦᠯᠭᠡ ᠶᠢᠨ ᠵᠢᠯᠣᠭᠤᠳᠤᠯᠭ᠎ᠠ ᠬᠠᠩᠭᠠᠵᠠᠢ᠃     ᠬᠤᠷᠠᠯ ᠳᠤ ᠣᠷᠣᠯᠴᠠᠭᠰᠠᠳ ᠠᠴᠠ᠂ ᠲᠣᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠨᠢ  ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠦᠪᠡᠭ ᠪᠤᠳᠤᠯᠢᠶᠠᠨᠲᠠᠢ ᠪᠠᠶᠢᠳᠠᠯ ᠢ ᠣᠨᠣᠪᠴᠢᠲᠠᠶ ᠣᠶᠢᠯᠠᠭᠠᠨ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠬᠦ ᠳᠤ ᠪᠣᠳᠠᠲᠠᠢ ᠵᠢᠯᠣᠭᠤᠳᠤᠯᠭ᠎ᠠ ᠬᠠᠩᠭᠠᠵᠠᠢ᠃ ᠬᠤᠶᠢᠰᠢᠳᠠ ᠶᠢᠨ ᠠᠵᠢᠯ ᠳᠤᠮᠳᠠ ᠪᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ  ᠤᠨ ᠬᠡᠯᠪᠡᠷᠢ ᠶᠢᠨ ᠠᠵᠢᠯ  ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ  ᠤ ᠦᠵᠡᠯ ᠤᠬᠠᠮᠰᠠᠷ  ᠤᠨ ᠬᠡᠯᠪᠡᠷᠢ ᠶᠢᠨ ᠠᠵᠢᠯ  ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠠᠵᠢᠯ  ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠨ᠎ᠡ ᠭᠡᠵᠦ ᠢᠯᠡᠷᠬᠡᠶᠢᠯᠡᠪᠡ᠃      ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠤᠬᠠᠭᠤᠯᠬᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂  ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠭᠤᠣᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号