ᠪᠠᠷᠠᠭᠤᠨ ᠦᠵᠦᠮᠦᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ  ᠶᠢ ᠢᠳᠠᠪᠬᠢᠳᠠᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/5/22
    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠨ᠂ ᠵᠠᠯᠠᠭᠤᠴᠤᠳ ᠪᠠᠭᠠᠴᠤᠳ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠳᠤᠷ᠎ᠠ ᠰᠣᠨᠢᠷᠬᠠᠯ ᠪᠠ ᠲᠠᠨᠢᠯᠲᠠ ᠶᠢ ᠤᠯᠠᠮ ᠨᠢᠭᠡ ᠠᠯᠬᠤᠮ ᠬᠥᠮᠥᠵᠢᠭᠦᠯᠬᠦ ᠶᠢᠨ ᠲᠥᠯᠥᠭᠡ᠂  ᠦᠢᠷ᠎ᠡ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ  ᠭᠦᠭᠵᠢᠬᠦᠯᠤᠯᠳᠠ ᠶᠢᠨ ᠲᠥᠪ ᠠᠴᠠ ︽ᠤᠮᠠᠷᠠᠲᠤ ᠶᠢᠨ ᠰᠣᠶᠣᠯ ᠢ ᠭᠦᠭᠵᠢᠬᠦᠯᠤᠨ ᠪᠠᠳᠠᠷᠠᠭᠤᠯᠵᠤ ᠪᠣᠳᠠᠰ ᠤᠨ ᠪᠤᠰᠤ ᠰᠣᠶᠣᠯ ᠤᠨ ᠥᠪ   ᠤᠨ ᠤᠯᠠᠮᠵᠢᠯᠠᠯ ᠢ ᠴᠢᠩᠭᠠᠳᠬᠠᠶ᠎ᠠ︾ ︱ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃     ᠬᠢᠴᠢᠶᠠᠯ ᠲᠠᠬᠡᠷ᠎ᠡ᠂ ᠤᠯᠤᠰ ᠤᠨ ᠲᠠᠰ ᠤᠨ ᠮᠣᠩᠭᠤᠯ ᠭᠡᠷ ᠪᠠᠶᠢᠭᠤᠯᠬᠤ ᠤᠷ᠎ᠠ ᠮᠡᠷᠭᠡᠵᠢᠯ ᠤᠨ ᠲᠥᠷᠥᠯ ᠵᠦᠢᠯ ᠤᠨ ᠠᠶᠢᠮᠠᠭ ᠤᠨ ᠲᠠᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠰᠣᠶᠤᠯᠳᠣ  ᠂ ᠦᠵᠦᠮᠦᠴᠢᠨ ᠬᠤᠪᠴᠠᠰᠤ ᠵᠠᠰᠠᠯ ᠤᠷᠠᠯᠠᠬᠤ ᠤᠷ᠎ᠠ ᠮᠡᠷᠭᠡᠵᠢᠯ ᠤᠨ ᠲᠥᠷᠥᠯ ᠵᠦᠢᠯ ᠤᠨ ᠬᠤᠰᠢᠭᠤ ᠲᠠᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ  ᠰᠣᠶᠤᠯᠴᠡᠴᠡᠭ᠂ ᠦᠵᠦᠮᠦᠴᠢᠨ ᠡᠮᠡᠭᠡᠯ  ᠦᠢᠯᠡᠳᠬᠦ ᠤᠷ᠎ᠠ ᠮᠡᠷᠭᠡᠵᠢᠯ ᠤᠨ ᠲᠥᠷᠥᠯ ᠵᠦᠢᠯ ᠤᠨ  ᠬᠤᠰᠢᠭᠤ ᠲᠠᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠱᠠᠭᠳᠠᠷ ᠵᠡᠷᠭᠡ 3 ᠤᠯᠠᠮᠵᠢᠯᠠᠭᠴᠢ ᠠᠴᠠ ᠰᠤᠷᠤᠭᠴᠢᠳ ᠲᠤ  ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠪᠦᠲᠦᠭᠡᠯ   ᠢ ᠳᠡᠯᠭᠡᠨ ᠦᠵᠡᠭᠦᠯᠵᠦ᠂ ᠤᠯᠠᠮᠵᠢᠯᠠᠯᠲᠤ ᠤᠷ᠎ᠠ ᠮᠡᠷᠭᠡᠵᠢᠯ  ᠂ ᠵᠣᠬᠢᠶᠠᠨ ᠪᠦᠲᠦᠭᠡᠯᠭᠡ   ᠶᠢᠨ ᠤᠷ᠎ᠠ ᠮᠡᠷᠭᠡᠵᠢᠯ  ᠵᠢᠭᠠᠵᠦ᠂ ᠬᠢᠴᠢᠶᠠᠯᠠᠯᠬᠡ ᠶᠢᠨ  ᠳᠤᠮᠳᠠ ᠪᠠᠨ ᠰᠣᠷᠤᠭᠴᠢᠳ ᠲᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ   ᠶᠢ  ᠦᠢᠯᠠᠭᠠᠭᠤᠯᠤᠭᠰᠠᠨ ᠪᠠᠶᠢᠨ᠎ᠠ᠃      ᠣᠶᠢᠷ᠎ᠠ ᠶᠢᠨ ᠵᠢᠯ ᠂ ᠪᠠᠷᠠᠭᠤᠨ ᠦᠵᠦᠮᠦᠴᠢᠨ  ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠣᠯ ᠪᠣᠯᠭᠠᠭᠰᠠᠨ ᠦᠵᠦᠮᠦᠴᠢᠨ ᠤ ᠰᠣᠶᠣᠯ ᠤᠨ ᠡᠬᠢ ᠪᠠᠶᠠᠯᠢᠭ ᠢ ᠬᠠᠮᠠᠭᠠᠯᠠᠵᠤ ᠤᠯᠠᠮᠵᠢᠯᠠᠬᠤ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ︽ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠯ ᠪᠦᠷᠢ 108  ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ  ᠂ 2 ᠤᠳᠠᠭᠠᠨ ᠤ ᠲᠤᠰᠬᠠᠢ ᠰᠡᠳᠦᠪᠲᠦ ᠪᠤᠯᠪᠠᠰᠣᠷᠠᠯ ᠲᠤᠬᠢᠷᠠᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠤᠨ᠂ ᠣᠨᠴᠠᠯᠢᠭᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠳᠣ ᠬᠤᠭᠤᠴᠠᠭ᠎ᠠ ᠪᠠᠷ  ᠤᠷᠤᠭᠤᠯᠵᠦ᠂ ᠰᠣᠷᠤᠭᠴᠢᠳ ᠢ ᠪᠣᠳᠠᠰ ᠤᠨ ᠪᠤᠰᠤ ᠰᠣᠶᠣᠯ ᠤᠨ ᠥᠪ ᠲᠠᠢ ᠣᠶᠢᠷᠠᠲᠤᠭᠤᠯᠬᠤ᠂ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ ᠶᠢ ᠠᠬᠢᠭᠤᠯᠤᠨ᠂  ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠠᠷᠢᠭᠤᠴᠠᠯᠭᠠᠲᠤ ᠰᠡᠳᠬᠢᠯᠭᠡ   ᠶᠢ ᠲᠡᠭᠡᠭᠰᠢᠯᠠᠬᠦᠯᠦᠭᠰᠠᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号