ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠦᠯᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠡᠷᠭᠡᠶᠢᠯᠡᠨ | ᠬᠤᠷᠢᠭᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ | ᠰᠡᠷᠭᠡᠶᠢᠯᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠰᠡᠷᠭᠦᠭᠡᠬᠦ ᠳᠦᠷᠢᠮ︾ ᠢ | ᠦᠨᠳᠦᠰᠦᠯᠡᠨ᠂ ᠣᠶᠢᠷ᠎ᠠ ᠳᠤ᠂ ᠪᠠᠶᠠᠨᠬᠤᠸᠠ ᠪᠠᠯᠭᠠᠰᠤ ᠭᠤᠣᠯ ᠵᠠᠮ ᠳᠡᠭᠡᠷ᠎ᠡ ᠠᠮᠢᠲᠠᠨ ᠤ ᠬᠢᠵᠢᠭ ᠢ ᠰᠡᠷᠭᠡᠶᠢᠯᠡᠬᠦ | ᠪᠠᠶᠢᠴᠠᠭᠠᠯᠲᠠ ᠶᠢᠨ ᠥᠷᠲᠡᠭᠡ ᠳᠦᠷᠪᠡ ᠶᠢ ᠪᠠᠶᠢᠭᠤᠯᠵᠤ᠂ 24 ᠴᠠᠭ ᠢᠶᠠᠷ ᠡᠭᠡᠯᠵᠢᠯᠡᠨ ᠵᠢᠵᠢᠭᠦᠷᠯᠡᠭᠦᠯᠵᠦ᠂ ᠨᠠᠰᠢ | ᠴᠠᠰᠢ ᠮᠠᠯ ᠵᠥᠭᠡᠭᠡᠪᠦᠷᠢᠯᠡᠬᠦ ᠲᠡᠷᠭᠡ ᠳᠤ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠪᠠ ᠳᠠᠩᠰᠠᠯᠠᠯᠲᠠ ᠬᠢᠬᠦ ᠶᠢᠨ ᠬᠠᠮᠲᠤ | ᠬᠤᠰᠢᠭᠤᠨ ᠤ ᠭᠠᠳᠠᠨ᠎ᠠ ᠠᠴᠠ ᠮᠠᠯ ᠵᠥᠭᠡᠭᠡᠪᠦᠷᠢᠯᠡᠭᠰᠡᠨ ᠲᠡᠷᠭᠡ ᠶᠢ ᠢᠳᠬᠠᠨ ᠪᠤᠴᠠᠭᠠᠬᠤ ᠠᠵᠢᠯ ᠬᠢᠵᠡᠢ᠃ ᠡᠭᠦᠨ ᠤ | ᠬᠠᠮᠲᠤ᠂ ᠬᠤᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠭᠠᠳᠠᠨ᠎ᠠ ᠶᠢᠨ ᠮᠠᠯ ᠢ ᠨᠢᠭᠡᠨᠲᠡ | ᠣᠷᠤᠭᠤᠯᠵᠦ ᠮᠠᠯᠵᠢᠭᠰᠠᠨ ᠮᠠᠯᠵᠢᠬᠤ ᠡᠷᠦᠬᠡ ︵ᠡᠵᠡᠩᠨᠡᠯᠲᠡ ᠶᠢᠨ ᠨᠢᠭᠡᠴᠡ︶ ᠶᠢ ᠬᠠᠮᠢᠶ᠎ᠠ ᠪᠦᠬᠦᠢ ᠬᠠᠤᠯᠢ ᠴᠠᠭᠠᠵᠠ | ᠳᠦᠷᠢᠮ ᠲᠤᠭᠲᠠᠭᠠᠯ ᠶᠤᠰᠤᠭᠠᠷ ᠮᠠᠯ ᠤᠨᠤᠭ᠎ᠠ ᠳᠤ ᠨᠢ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠪᠠ ᠢᠳᠬᠠᠨ | ᠪᠤᠴᠠᠭᠠᠬᠤ ᠠᠵᠢᠯ ᠬᠢᠵᠡᠢ᠃ | | | | | ᠠᠵᠢᠯ ᠥᠷᠨᠢᠭᠦᠯᠬᠦ ᠶᠠᠪᠤᠴᠠ ᠳᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ᠂ ᠪᠠᠯᠭᠠᠰᠤᠨ ᠤ ᠳᠡᠳ᠋ ᠳᠠᠷᠤᠭ᠎ᠠ ᠡᠩᠬᠡᠵᠢᠷᠭᠠᠯ ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ | ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠭᠤᠷᠪᠠᠨ ᠠᠵᠢᠯᠲᠠᠨ ᠢ ᠳᠠᠭᠠᠭᠤᠯᠤᠨ ᠠᠮᠢᠲᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢ ᠪᠠᠶᠢᠴᠠᠭᠠᠨ ᠵᠢᠯᠣᠭᠤᠳᠪᠠ᠃ | | | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ | ᠪᠠᠶᠢᠴᠠᠭᠠᠯᠲᠠ ᠶᠢᠨ ᠥᠷᠲᠡᠭᠡᠨ ᠤ ᠪᠠᠶᠢᠴᠠᠭᠠᠯᠲᠠ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ | ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠦᠯᠡ | ᠮᠠᠯᠵᠢᠬᠤ ᠠᠰᠠᠭᠤᠳᠠᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠨᠤᠲᠤᠭ ᠪᠡᠯᠴᠢᠭᠡᠷ ᠤᠨ ᠡᠷᠡᠭᠦᠯ ᠢᠶᠠᠷ | ᠬᠥᠭᠵᠢᠬᠦ ᠶᠢ ᠪᠦᠲᠦᠮᠵᠢᠲᠡᠶ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠨ᠎ᠠ᠃ |