ᠮᠠᠯᠴᠢᠳ ᠮᠡᠷᠭᠡᠵᠢᠯ ᠴᠢᠳᠠᠪᠣᠷᠢ ᠶᠢᠨ ᠪᠣᠯᠪᠠᠰᠣᠷᠠᠯ ᠢᠶᠠᠨ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/5/24
    ᠣᠷᠴᠢᠮᠬᠠᠨ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠣᠨ ᠤ ᠮᠠᠯᠵᠢᠬᠤ ᠬᠤᠷᠰᠢᠶᠠᠵᠢᠯ ᠎ ᠤᠨ  ᠬᠡᠰᠡᠭ ᠮᠠᠯᠴᠢᠳ ᠨᠢ ᠬᠦᠬᠡᠬᠤᠳᠠ  ᠎ ᠶᠢ ᠵᠣᠷᠢᠵᠣ᠂ ᠦᠪᠦᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠣᠷᠭᠠᠭᠤᠯᠢ ᠶᠢᠨ ᠮᠥᠩᠬᠦᠨ ᠬᠦᠢᠯᠭᠡᠭᠡᠨ ᠤ ᠲᠡᠭᠡᠳᠦ ᠰᠣᠷᠭᠠᠭᠤᠯᠢ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠰᠤᠳᠤᠯᠭᠠᠨ ᠤ ᠬᠥᠭᠵᠢᠯᠲᠡ ᠶᠢᠨ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠰᠣᠷᠠᠭ ᠵᠠᠩᠬᠢ ᠶᠢᠨ ᠦᠢᠯᠡᠴᠢᠯᠡᠭᠡᠨ ᠤ ᠲᠦᠪ ᠠᠴᠠ ᠬᠠᠮᠳᠣᠷᠠᠨ ᠡᠷᠬᠢᠯᠡᠭᠰᠡᠨ᠂ ᠥᠪᠦᠷ ᠮᠣᠩᠭᠤᠯ ᠤᠨ 2024 ᠣᠨ ᠤ ︵ᠨᠢᠭᠡᠳᠦᠭᠡᠷ ᠬᠤᠭᠤᠴᠠᠭ᠎ᠠ︶᠎ ᠤ ︿︿ᠮᠠᠯᠴᠢᠳ ᠤᠨ ᠶᠡᠷᠦᠩᠬᠡᠶᠢᠯᠡᠭᠰᠡᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ﹀﹀᠎ ᠶᠢᠨ 14 ᠡᠳᠦᠷ ᠤᠨ ᠰᠣᠷᠣᠯᠴᠠᠯᠭ᠎ᠠ ᠪᠣᠯᠪᠠᠰᠣᠷᠠᠯ ᠳᠤ  ᠣᠷᠣᠯᠴᠠᠵᠣ ᠠᠮᠵᠢᠯᠳᠠᠳᠠᠢ ᠲᠡᠭᠦᠰᠦᠯ᠎ᠡ᠃     ᠪᠣᠯᠪᠠᠰᠣᠷᠠᠯ ᠨᠢ ᠶᠡᠷᠦᠩᠬᠡᠶᠢᠯᠡᠭᠰᠡᠨ ᠡᠵᠡᠩᠨᠡᠯᠲᠡ ᠶᠢᠨ ᠴᠢᠳᠠᠪᠤᠷᠢ  ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠮᠠᠯᠵᠢᠬᠤ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠣ᠂ ᠠᠳᠠᠯ ᠦᠢᠯᠡᠰ ᠴᠣᠭᠴᠠᠯᠠᠬᠤ ᠣᠶᠢᠯᠠᠭᠠᠭᠳᠠᠬᠤᠨ ᠪᠠ ᠦᠢᠯᠡᠳᠦᠯᠭᠡ ᠲᠠᠢ ᠤᠶᠠᠯᠳᠤᠭᠤᠯᠬᠤ ᠪᠠᠷ ᠳᠠᠮᠵᠢᠭᠤᠯᠤᠨ ᠣᠯᠠᠨ ᠢ ᠬᠠᠪᠰᠤᠷᠤᠨ ᠡᠵᠡᠩᠨᠡᠯᠲᠡ ᠶᠢᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠥᠭᠵᠢᠯᠲᠡ ᠶᠢᠨ ᠰᠡᠳᠬᠢᠮᠵᠢ ᠶᠢ ᠨᠢ ᠥᠷᠭᠡᠳᠬᠡᠨ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ  ᠵᠣᠷᠢᠯᠭ᠎ᠠ ᠪᠠᠷ ᠶᠠᠪᠣᠭᠳᠠᠵᠣ᠂  ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠣᠨ ᠤ ᠪᠠᠶ᠋ᠬᠠᠦ᠋ᠨᠳᠦᠷ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ᠂ ︿ᠬᠤᠪᠢᠳᠠᠢ﹀ ᠢᠳᠡᠭᠡᠨ ᠤ ᠵᠦᠢᠯ ᠤᠨ ᠪᠣᠷᠤᠯᠠᠭᠤᠯᠭ᠎ᠠ ᠶᠢᠨ ᠲᠤᠰᠬᠠᠢ ᠬᠤᠷᠰᠢᠶ᠎ᠠ ᠂ ᠥᠪᠥᠷ ᠮᠣᠩᠭᠤᠯ ᠤᠨ ︿ᠴᠣᠣᠷᠢᠶ᠎ᠠ﹀ ᠮᠠᠯᠵᠢᠬᠤ ᠣᠷᠣᠨ ᠤ ᠠᠮᠢ ᠠᠬᠤᠢ ᠶᠢᠨ ᠰᠤᠳᠤᠯᠭᠠᠨ ᠤ ᠲᠥᠪ ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ ᠶᠢᠨ ᠪᠠᠭᠰᠢ ᠵᠡᠷᠭᠡ 13 ᠬᠥᠮᠥᠨ ᠣᠷᠣᠯᠴᠠᠵᠠᠢ᠃     ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠬᠥᠳᠡᠯᠮᠦᠷᠢᠴᠢᠨ ᠠᠵᠢᠯᠴᠢᠨ ᠤ ᠵᠣᠬᠢᠶᠠᠨ ᠪᠠᠶᠢᠭᠤᠯᠤᠯᠲᠠ ᠶᠢᠨ  ᠣᠨᠴᠠ ᠣᠷᠢᠭᠰᠠᠨ ᠪᠠᠭᠰᠢ᠂ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠪᠠᠭᠰᠢᠨᠠᠷ ᠠᠴᠠ ᠥᠪᠡᠷ ᠤᠨ ᠠᠵᠤ ᠠᠬᠤᠶᠢᠯᠠᠯ ᠢᠶᠠᠨ ᠡᠭᠦᠳᠦᠨ ᠪᠠᠶᠢᠭᠤᠯᠬᠤ ᠪᠠ ᠥᠪᠡᠷ ᠤᠨ ᠠᠵᠤ ᠠᠬᠤᠶᠢᠯᠠᠯ ᠢᠶᠠᠨ ᠰᠠᠶᠢᠵᠢᠷᠠᠭᠤᠯᠬᠤ᠂ ᠮᠠᠯ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠤᠷ᠎ᠠ ᠴᠢᠳᠠᠪᠤᠷᠢ ᠶᠢ  ᠲᠡᠭᠡᠭᠰᠢᠯᠡᠬᠦᠯᠬᠦ ᠲᠣᠬᠠᠢ ᠲᠣᠰᠠᠬᠠᠢ ᠲᠠᠶᠢᠯᠣᠮᠵᠢ ᠬᠢᠭᠰᠡᠨ ᠪᠠᠶᠢᠨ᠎ᠠ᠃     ᠲᠣᠰ ᠤᠳᠠᠭᠠᠨ ᠤ ᠪᠣᠯᠪᠠᠰᠤᠷᠠᠯ ᠎ ᠳᠤ ᠬᠡᠷᠬᠢᠨ ᠠᠵᠤ ᠠᠬᠤᠶᠢᠯᠠᠯ ᠢ ᠡᠵᠡᠩᠨᠡᠬᠦ ᠰᠡᠳᠬᠢᠴᠡ ᠪᠠ ᠪᠣᠳᠣᠯ ᠲᠠᠢ ᠪᠣᠯᠬᠤ᠂ ᠬᠡᠷᠬᠢᠨ ᠨᠢᠭᠡᠨ ᠰᠠᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠰᠡᠳᠬᠢᠮᠵᠢ ᠲᠠᠢ ᠪᠣᠯᠬᠤ᠂ ᠥᠪᠡᠷ ᠤᠨ ᠵᠠᠬ᠎ᠠ ᠳᠡᠯᠭᠡᠭᠦᠷ᠂ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠᠨ ᠦᠨᠡᠯᠡᠨ ᠵᠢᠱᠢᠬᠦ᠂ ᠥᠪᠡᠷ ᠤᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠯᠪᠡᠷᠢ ᠪᠠᠶᠢᠳᠠᠯ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠣᠷᠴᠢᠨ ᠲᠣᠭᠤᠷᠢᠨ ᠪᠠ ᠬᠠᠷᠢᠭᠤᠴᠠᠯᠭ᠎ᠠ ᠪᠠᠨ ᠰᠣᠩᠭᠤᠬᠤ᠂ ᠥᠪᠡᠷ ᠤᠨ ᠬᠡᠷᠡᠭᠰᠡᠬᠦ ᠪᠡᠯᠡ ᠮᠥᠩᠭᠦ ᠪᠠᠨ ᠤᠷᠢᠳᠴᠢᠯᠠᠨ ᠵᠢᠱᠢᠬᠦ᠂ ᠥᠪᠡᠷ ᠤᠨ ᠠᠰᠢᠭ ᠬᠤᠨᠵᠢᠪᠤᠷᠢ ᠶᠢᠨ ᠲᠥᠯᠥᠪᠯᠡᠭᠡ ᠪᠠᠨ ᠲᠣᠭᠲᠠᠭᠠᠬᠤ᠂ ᠥᠪᠡᠷ ᠤᠨ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠴᠢᠳᠠᠪᠤᠷᠢ ᠪᠠᠨ ᠮᠠᠭᠠᠳᠯᠠᠬᠤ ᠵᠡᠷᠭᠡ ᠲᠠᠯ᠎ᠠ ᠪᠠᠷ ᠨᠠᠷᠢᠨ  ᠲᠠᠶᠢᠯᠪᠦᠷᠢᠯᠠᠭᠰᠠᠨ ᠪᠠᠶᠢᠨ᠎ᠠ  ᠃     ᠪᠣᠯᠪᠠᠰᠣᠷᠠᠯ ᠳᠤ ᠣᠷᠣᠯᠴᠠᠭᠰᠠᠳ ᠨᠢ ᠰᠤᠷᠤᠯᠭ᠎ᠠ ᠲᠡᠭᠦᠰᠦᠭᠰᠡᠨ ᠳ᠋ᠦᠩᠨᠡᠯᠲᠡ ᠳᠡᠭᠡᠨ ᠣᠯᠠᠨ ᠢᠶᠠᠷ ᠢᠶᠠᠨ ᠠᠵᠢᠯ ᠤᠨ ᠪᠠᠶᠢᠷᠢᠨ ᠳᠠᠭᠠᠨ ᠰᠣᠷᠣᠭᠰᠠᠨ ᠮᠡᠳᠡᠯᠭᠡ ᠪᠠᠨ ᠬᠡᠷᠡᠭᠯᠡᠨ᠂ ᠤᠯᠠᠮᠵᠢᠯᠠᠯᠲᠤ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ ᠰᠡᠳᠬᠢᠴᠡ ᠪᠠᠨ ᠬᠤᠪᠢᠷᠠᠭᠤᠯᠵᠤ᠂ ᠭᠠᠴᠠᠭᠠᠨ ᠤ ᠪᠠᠨ ᠬᠤᠪᠢ ᠣᠷᠣᠭᠤᠯᠤᠭᠰᠠᠨ ᠠᠵᠤ ᠠᠬᠤᠢ ᠶᠢᠨ  ᠬᠤᠷᠰᠢᠶᠠᠨ ᠤ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠰᠠᠭᠤᠷᠢᠨ ᠭᠠᠵᠠᠷ ᠤᠨ ᠡᠷᠡᠭᠦᠯ ᠢᠶᠠᠷ ᠬᠥᠭᠵᠢᠬᠦ ᠳᠤ ᠬᠤᠪᠢ ᠨᠡᠮᠡᠷᠢ ᠪᠠᠨ ᠡᠷᠬᠦᠵᠦ᠂ ᠨᠣᠳᠤᠭ ᠣᠷᠣᠨ᠂  ᠰᠢᠨ᠎ᠡ  ᠬᠦᠳᠡᠭᠡ ᠲᠣᠰᠬᠤᠨ ᠤ ᠮᠠᠯ ᠠᠵᠣ ᠠᠬᠤᠢ ᠶᠢᠨ ᠡᠷᠡᠬᠦᠯ ᠬᠦᠭᠵᠢᠯᠲᠠ ᠳᠤ ᠥᠪᠡᠷ ᠥᠪᠡᠷ ᠤᠨ ᠬᠤᠪᠢ ᠨᠡᠮᠡᠷᠢ  ᠎ ᠪᠠᠨ ᠡᠷᠬᠦᠨ᠎ᠡ ᠭᠡᠵᠦ ᠢᠯᠡᠷᠬᠡᠶᠢᠯᠡᠵᠡᠢ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号