ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠡᠮᠡᠭᠲᠡᠶᠢᠴᠦᠳ ᠤᠨ ︽ᠬᠤᠶᠠᠷ ᠥᠮᠡᠨ︾᠎ ᠤ ᠰᠦᠶᠳᠬᠡᠯ ᠬᠤᠷᠢᠶᠠᠬᠤ ᠥᠬᠡᠶ ᠪᠠᠶᠢᠴᠠᠭᠠᠯᠲᠠ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/5/24
       ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠡᠮᠡᠭᠲᠡᠶᠢᠴᠦᠳ ᠤᠨ ︽ᠬᠤᠶᠠᠷ ᠥᠮᠡᠨ︾᠎ ᠤ ᠰᠦᠶᠳᠬᠡᠯ ᠬᠤᠷᠢᠶᠠᠬᠤ ᠥᠬᠡᠶ ᠰᠢᠭᠰᠢᠨ ᠪᠠᠶᠢᠴᠠᠭᠠᠯᠲᠠ ᠶᠠᠪᠤᠭᠳᠠᠵᠤ ᠪᠣᠶ᠃ ᠡᠯ᠎ᠡ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠦᠷᠬᠡᠨ ᠤᠯᠠᠨ ᠡᠮᠡᠭᠲᠡᠶᠢᠴᠦᠳ ᠢ ᠢᠳᠡᠪᠬᠢᠲᠡᠶ ᠵᠣᠬᠢᠶᠠᠨ ᠪᠠᠶᠢᠭᠤᠯᠵᠤ᠂ ᠪᠠᠷᠠᠭᠤᠨ ᠦᠵᠤᠮᠤᠴᠢᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠲᠥᠪ ᠲᠠᠢ ᠬᠠᠷᠢᠯᠴᠠᠵᠤ᠂ ᠴᠠᠭ ᠢᠶᠠᠨ ᠵᠤᠬᠢᠰᠲᠠᠢ ᠲᠣᠬᠢᠷᠠᠭᠤᠯᠵᠤ ᠪᠠᠶᠢᠭᠠᠳ ᠡᠮᠡᠭᠲᠡᠶᠢᠴᠦᠳ ᠤᠨ ︽ᠬᠤᠶᠠᠷ ᠥᠮᠡᠨ︾᠎ ᠤ ᠰᠦᠶᠳᠬᠡᠯ ᠬᠤᠷᠢᠶᠠᠬᠤ ᠥᠬᠡᠶ ᠰᠢᠭᠰᠢᠨ ᠪᠠᠶᠢᠴᠠᠭᠠᠯᠲᠠ ᠳᠤ ᠤᠷᠤᠯᠴᠠᠭᠤᠯᠬᠤ ᠶᠢᠨ ᠬᠠᠮᠲᠤ ︽ᠬᠤᠶᠠᠷ ᠥᠮᠡᠨ︾᠎ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠡᠮᠡᠭᠲᠡᠶᠢᠴᠦᠳ ᠤᠨ ᠡᠷᠡᠭᠦᠯᠵᠢᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠢ ᠡᠷᠲᠡ ᠣᠨᠣᠰᠢᠯᠠᠬᠤ ᠪᠠ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠠᠳᠤᠯᠠᠨ᠎ᠠ᠃       ᠪᠠᠶᠢᠴᠠᠭᠠᠬᠤ ᠨᠢᠭᠤᠷᠯᠠᠯ       ᠪᠥᠬᠦ ᠬᠤᠰᠢᠭᠤᠨ ᠤ 35 ᠨᠠᠰᠤᠨ ᠠᠴᠠ ᠪᠦᠬᠦᠯᠢ 64 ᠨᠠᠰᠤ ᠬᠦᠷᠲᠡᠯᠡᠬᠢ ᠡᠮᠡᠭᠲᠡᠶᠢᠴᠦᠳ ︵2022᠂ 2023 ᠣᠨ ᠳᠤ ᠨᠢᠭᠡᠨᠲᠡ ᠰᠦᠶᠳᠬᠡᠯ ᠬᠤᠷᠢᠶᠠᠬᠤ ᠥᠬᠡᠶ ᠪᠠᠷ ︽ᠬᠤᠶᠠᠷ ᠥᠮᠡᠨ︾᠎ ᠢ ᠰᠢᠭᠰᠢᠨ ᠪᠠᠶᠢᠴᠠᠭᠠᠵᠤ ᠥᠩᠭᠡᠷᠡᠭᠰᠡᠨ ᠬᠥᠮᠦᠰ ᠲᠣᠰ ᠤᠳᠠᠭᠠᠨ ᠤ ᠰᠢᠭᠰᠢᠨ ᠪᠠᠶᠢᠴᠠᠭᠠᠯᠲᠠ ᠶᠢᠨ ᠬᠡᠪᠴᠢᠶᠡᠨ ᠳᠤ ᠪᠠᠭᠲᠠᠬᠤ ᠥᠬᠡᠶ︶       ᠲᠥᠯᠥᠪᠦᠷᠢ ᠥᠬᠡᠶ ᠪᠠᠶᠢᠴᠠᠭᠠᠬᠤ ᠲᠥᠷᠥᠯ ᠵᠦᠶᠯ       ᠰᠠᠪᠠ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ᠄ ᠡᠮᠡᠭᠲᠡᠢ ᠶᠢᠨ ᠰᠠᠯᠠᠭᠠᠨ ᠤ ᠪᠠᠶᠢᠴᠠᠭᠠᠯᠲᠠ᠂ HPV ︵ᠬᠦᠮᠤᠨ ᠤ ᠬᠥᠬᠦᠨᠴᠢᠷ ᠬᠠᠪᠤᠳᠠᠷ ᠤᠨ ᠸᠢᠷᠦ᠋ᠰ ᠤᠨ ᠪᠠᠶᠢᠴᠠᠭᠠᠯᠲᠠ )᠂ ᠬᠠᠯᠳᠠᠪᠤᠷᠢᠯᠠᠯ ᠤᠨ ᠳᠥᠷᠪᠡᠨ ᠵᠦᠢᠯ       ᠬᠥᠬᠦᠨ ᠪᠤᠯᠴᠢᠷᠬᠠᠶ ᠶᠢᠨ ᠥᠮᠡᠨ ᠤ ᠰᠢᠭᠰᠢᠨ ᠪᠠᠶᠢᠴᠠᠭᠠᠯᠲᠠ᠄ ᠬᠥᠬᠦᠨ ᠪᠤᠯᠴᠢᠷᠬᠠᠶ ᠶᠢᠨ ᠬᠠᠷᠠᠭᠠᠨ ᠣᠨᠣᠰᠢᠯᠠᠯ᠂ ᠬᠦᠷᠦᠯᠴᠡᠬᠦ ᠣᠨᠣᠰᠢᠯᠠᠯ᠂ ᠬᠥᠬᠦᠨ ᠪᠤᠯᠴᠢᠷᠬᠠᠶ ᠶᠢᠨ ᠥᠩᠭᠡᠲᠦ ᠬᠡᠲᠦ ᠳᠣᠯᠭᠢᠶᠠᠨ ᠤ ᠪᠠᠶᠢᠴᠠᠭᠠᠯᠲᠠ       ᠪᠠᠶᠢᠴᠠᠭᠠᠬᠤ ᠭᠠᠵᠠᠷ       ᠪᠠᠷᠠᠭᠤᠨ ᠦᠵᠦᠮᠦᠴᠢᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠲᠥᠪ ︵ᠵᠠᠰᠠᠭ ᠵᠠᠬᠢᠷᠭᠠᠨ ᠤ ᠨᠢᠭᠡᠳᠦᠭᠡᠷ ᠵᠡᠭᠡᠯᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠠᠭᠤᠨ ᠲᠠᠯ᠎ᠠ︶᠎ ᠤᠨ ᠬᠤᠶᠠᠳᠤᠭᠠᠷ ᠠᠰᠠᠷ ᠤᠨ ᠬᠠᠮᠤᠭ ᠵᠡᠭᠦᠨ ᠲᠠᠯ᠎ᠠ ᠶᠢᠨ ᠡᠮᠡᠭᠲᠡᠶᠢᠴᠦᠳ ᠤᠨ ᠳᠠᠭᠠᠳᠬᠠᠯ ᠤᠨ ᠰᠠᠯᠠᠭ᠎ᠠ       ᠠᠩᠬᠠᠷᠬᠤ ᠵᠦᠢᠯ       ⒈ᠪᠠᠶᠢᠴᠠᠭᠠᠯᠲᠠ ᠬᠢᠬᠦ ᠳᠤ ᠰᠠᠷ᠎ᠠ ᠶᠢᠨ ᠭᠬᠢᠷ ᠤᠨ ᠬᠤᠭᠤᠴᠠᠭ᠎ᠠ ᠠᠴᠠ ᠵᠠᠶᠢᠯᠠᠰᠬᠢᠬᠦ ᠬᠡᠷᠡᠭᠲᠡᠶ︔       ⒉ᠪᠠᠶᠢᠴᠠᠭᠠᠬᠤ ᠠᠴᠠ ᠡᠮᠦᠨ᠎ᠡ ᠳᠠᠪᠤᠰᠠᠩ ᠢᠶᠠᠨ ᠳᠦᠭᠦᠷᠭᠡᠬᠦ ᠬᠡᠷᠡᠭᠲᠡᠢ︔       ⒊ᠪᠠᠶᠢᠴᠠᠭᠠᠬᠤ ᠠᠴᠠ ᠡᠮᠦᠨ᠎ᠡ ᠭᠤᠷᠪᠠᠨ ᠡᠳᠦᠷ ᠲᠤ ᠤᠮᠠᠢ ᠳᠡᠭᠡᠷ᠎ᠡ ᠡᠮ ᠲᠦᠷᠬᠢᠬᠦ ᠪᠠ ᠤᠮᠠᠢ ᠶᠢ ᠤᠬᠢᠶᠠᠬᠤ᠂ ᠬᠤᠷᠢᠴᠠᠯ ᠤᠨ ᠠᠮᠢᠳᠤᠷᠠᠯ ᠬᠢᠬᠦ ᠠᠴᠠ ᠵᠠᠶᠢᠯᠠᠰᠬᠢᠬᠦ ᠶᠢ ᠱᠠᠭᠠᠷᠳᠠᠨ᠎ᠠ︔       ⒋ ︽ᠬᠤᠶᠠᠷ ᠥᠮᠡᠨ︾᠎ ᠤ ᠰᠢᠭᠰᠢᠨ ᠪᠠᠶᠢᠴᠠᠭᠠᠯᠲᠠ ᠪᠣᠯ ᠠᠩᠬᠠᠨ ᠤ ᠰᠢᠭᠰᠢᠨ ᠪᠠᠶᠢᠴᠠᠭᠠᠯᠲᠠ ᠮᠥᠨ᠂ ᠡᠴᠦᠰ ᠤᠨ ᠣᠨᠣᠰᠢᠯᠠᠯᠲᠠ ᠪᠢᠰᠢ᠂ ᠰᠢᠭᠰᠢᠨ ᠪᠠᠶᠢᠴᠠᠭᠠᠯᠲᠠ ᠳᠤ ᠢᠯᠡᠷᠡᠭᠦᠯᠦᠭᠰᠡᠨ ᠰᠡᠵᠢᠭᠯᠡᠯᠲᠡᠶ ᠡᠪᠡᠳᠴᠢᠲᠡᠨ ᠢ ᠤᠯᠠᠮ ᠨᠢᠭᠡ ᠠᠯᠬᠤᠮ ᠪᠠᠶᠢᠴᠠᠭᠠᠨ᠎ᠠ᠃         ᠪᠤᠯᠵᠤᠬᠤ ᠴᠠᠭ         ᠬᠠᠷᠢᠯᠴᠠᠬᠤ ᠤᠳᠠᠰᠤ᠄ 0479 - 2250807         ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8᠄ 30—11᠄ 00᠂ ᠦᠳᠡ ᠶᠢᠨ ᠬᠤᠶᠢᠨ᠎ᠠ 2᠄ 30—5᠄ 00︶
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号