ᠬᠠᠯᠠᠭᠤᠨ ᠰᠠᠳᠬᠢᠯ ᠲᠠᠢ ᠣᠷᠴᠢᠨ ᠲᠤᠭᠤᠷᠢᠨ ᠤ ᠰᠠᠬᠢᠨ ᠬᠠᠮᠠᠭᠠᠯᠠᠭᠴᠢ ᠰᠢᠤᠢ ᠡᠾᠦ᠋ᠢ
ᠨᠡᠶᠢᠲᠡᠯᠡᠭᠰᠡᠨ ᠴᠠᠭ᠄
2024/5/24
     ᠰᠢᠤᠢ ᠡᠾᠦ᠋ᠢ ᠪᠣᠯ ᠪᠠᠷᠠᠭᠤᠨ ᠦᠵᠦᠮᠦᠴᠢᠨ ᠬᠤᠰᠢᠭᠤᠨ ᠤ ᠣᠷᠴᠢᠨ ᠲᠤᠭᠤᠷᠢᠨ ᠤ ᠴᠡᠪᠠᠷᠯᠡᠭᠴᠢ᠂ 15 ᠵᠢᠯ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯ ᠳᠤ ᠭᠠᠪᠰᠢᠭᠠᠶᠢᠯᠠᠨ᠂ ᠬᠠᠳᠠᠭᠤᠵᠢᠯᠳᠠᠢ ᠠᠵᠢᠯᠯᠠᠵᠦ᠂ ᠴᠠᠪᠠᠷ ᠲᠠᠭᠠᠯᠠᠮᠵᠢᠳᠠᠢ ᠬᠤᠳᠠ ᠶᠢᠨ ᠪᠦᠳᠦᠬᠡᠨ ᠪᠠᠶᠢᠭᠤᠯᠤᠯᠳᠠ ᠳᠤ ᠦᠪᠡᠷ ᠤᠨ ᠬᠡᠰᠠᠨ ᠬᠤᠪᠢ ᠨᠠᠮᠠᠷᠢ ᠪᠠᠨ ᠦᠵᠡᠬᠦᠯᠦᠭᠰᠠᠬᠡᠷ ᠢᠷᠡᠵᠡᠢ  ᠃      2023 ᠣᠨ ᠤ10 ᠰᠠᠷ᠎ᠠ ᠶᠢᠨ 31 ᠤ ᠣᠷᠤᠢ᠂ ᠰᠢᠤᠢ ᠡᠾᠦ᠋ᠢ ᠠᠵᠢᠯᠯᠠᠵᠤ ᠪᠠᠶᠢᠭ᠎ᠠ ᠶᠠᠪᠤᠴᠠ ᠳᠠᠭᠠᠨ ᠨᠢᠭᠡᠨ 2 ᠨᠠᠰᠤᠲᠠᠢ ᠬᠡᠥᠬᠡᠳ ᠵᠠᠰᠠᠮᠠᠯ ᠵᠠᠮ ᠢᠶᠠᠷ ᠭᠠᠭᠴᠠᠭᠠᠷ ᠢᠶᠠᠨ ᠤᠭᠢᠯᠠᠨ ᠶᠠᠪᠤᠵᠤ ᠪᠠᠶᠢᠭ᠎ᠠ ᠶᠢ ᠣᠯᠵᠦ ᠬᠠᠷᠠᠭᠠᠳ ᠳᠠᠷᠤᠢ ᠲᠦᠷᠭᠡᠨ ᠬᠡᠦᠬᠡᠳ ᠢ ᠠᠮᠤᠷ ᠢ ᠬᠠᠮᠠᠭᠠᠯᠠᠬᠤ ᠭᠠᠵᠠᠷ ᠳᠠᠭᠠᠭᠤᠯᠵᠤ ᠣᠴᠢᠨ᠂ ᠬᠡᠥᠬᠡᠳ ᠢ ᠠᠷᠭᠠᠳᠠᠬᠤ ᠶᠢᠨ ᠳᠠᠭᠠᠤ ᠬᠡᠥᠬᠡᠳ ᠤᠨ ᠶᠠᠷᠢᠶᠠᠨ ᠠᠴᠠ ᠡᠵᠢ ᠲᠠᠢ ᠪᠠᠨ ᠬᠠᠮᠲᠦ ᠤᠶᠢᠷ᠎ᠠ ᠬᠤᠪᠢ ᠶᠢᠨ ᠴᠡᠴᠡᠷᠯᠢᠭ ᠠᠴᠠ ᠠᠬ᠎ᠠ ᠪᠠᠨ ᠲᠤᠰᠬᠤ ᠭᠡᠵᠦ ᠢᠷᠡᠭᠡᠳ ᠪᠤᠴᠠᠬᠤ ᠵᠠᠮ ᠳᠠᠭᠠᠨ ᠡᠵᠢ ᠠᠴᠠ ᠪᠠᠨ ᠰᠠᠯᠤᠭᠠᠳ ᠶᠠᠪᠤᠭᠰᠠᠨ ᠢ ᠮᠡᠳᠡᠭᠰᠡᠨ ᠪᠠᠶᠢᠨ᠎ᠠ᠃ ᠰᠢᠤᠢ ᠡᠾᠦ᠋ᠢ ᠴᠡᠴᠡᠷᠯᠢᠭ ᠤᠨ ᠪᠠᠭᠰᠢ ᠲᠠᠢ ᠨᠢ ᠢᠳᠠᠪᠬᠢᠳᠠᠢ ᠬᠠᠷᠢᠯᠴᠠᠨ᠂ ᠬᠡᠥᠬᠡᠳ ᠤᠨ ᠭᠡᠷ ᠤᠨ ᠠᠬᠠᠮᠠᠳ ᠢ ᠨᠢ ᠤᠯᠵᠦ ᠦᠭᠭᠦᠭᠰᠠᠨ ᠪᠠᠶᠢᠨ᠎ᠠ᠃       ᠬᠡᠥᠬᠡᠳ ᠤᠨ ᠠᠪᠤ ᠡᠵᠢ ᠨᠢ ᠰᠢᠤᠢ ᠡᠾᠦ᠋ᠢ ᠳᠤ ᠬᠡᠮᠡᠷᠯᠢᠭ ᠲᠤᠭ  ᠬᠦᠷᠭᠡᠵᠦ᠂ ᠲᠡᠭᠦᠨ ᠤ ᠰᠠᠶᠢᠨ ᠰᠠᠶᠢᠬᠠᠨ ᠦᠢᠯᠡ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠠᠢ᠃ ᠰᠢᠤᠢ ᠡᠾᠦ᠋ᠢ᠄ ︿︿ᠮᠢᠨᠦ ᠪᠣᠳᠤᠬᠤ ᠪᠠᠷ ᠡᠶᠢᠮᠦ ᠪᠠᠶᠢᠳᠠᠯ ᠳᠤ ᠬᠥᠮᠥᠨ ᠪᠣᠯᠭᠠᠨ ᠬᠠᠪᠰᠤᠷᠤᠯᠭ᠎ᠠ ᠦᠵᠡᠭᠦᠯᠬᠦ ᠪᠠᠶᠢᠬ᠎ᠠ᠂ ᠪᠢ ᠵᠥᠪᠬᠡᠨ ᠬᠥᠮᠥᠨ ᠪᠣᠯᠭᠠᠨ ᠤ ᠬᠢᠳᠡᠭ ᠠᠵᠢᠯ ᠢ ᠬᠢᠯ᠎ᠡ﹀﹀ ᠭᠡᠯ᠎ᠡ᠃       ᠪᠠᠷᠠᠭᠤᠨ ᠦᠵᠦᠮᠦᠴᠢᠨ ᠬᠤᠰᠢᠭᠤᠨ ᠳᠤ ᠰᠢᠤᠢ ᠡᠾᠦ᠋ᠢ ᠰᠢᠭ ᠣᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠨ  ᠣᠯᠠᠨ ᠪᠠᠶᠢᠳᠠᠭ᠃ ᠲᠠᠳᠠᠨᠠᠷ ᠤᠨ ᠴᠢᠷᠮᠠᠶᠢᠯᠭ᠎ᠠ ᠵᠢᠳᠬᠦᠯ ᠨᠢ ᠦᠵᠡᠰᠬᠦᠯᠠᠩᠳᠣ ᠰᠠᠶᠢᠬᠠᠨ ᠬᠤᠳᠠ ᠪᠠᠯᠭᠠᠰᠣᠨ᠎ᠠ ᠪᠢᠴᠢᠭᠯᠡᠭᠳᠠᠵᠦ᠂ ᠡᠬᠡᠯ ᠵᠢᠷ ᠤᠨ ᠠᠵᠢᠯ ᠤᠨ ᠪᠠᠶᠢᠷᠢᠨ ᠳᠠᠭᠠᠨ ᠵᠢᠷ ᠤᠨ ᠪᠤᠰᠣ ᠬᠤᠪᠢ ᠨᠠᠮᠠᠷᠢ ᠪᠠᠨ ᠦᠵᠡᠬᠦᠯᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号