ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/5/24
   ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠵᠡᠷᠭᠡ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠠᠬᠢᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠪᠠ ᠣᠷᠣᠨ ᠪᠦᠰᠡ ᠶᠢᠨ ᠲᠣᠬᠢᠷᠠᠭᠤᠯᠤᠨ ᠲᠡᠩᠴᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ‌‍ᠲ᠋ᠤᠭᠲᠠᠭᠠᠨ᠎ᠠ᠃    ︵ᠳᠥᠷᠪᠡ︶ ᠪᠥᠬᠦ ᠬᠤᠰᠢᠭᠤᠨ ᠤ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ᠂ ᠡᠮ ᠡᠮᠨᠡᠯᠭᠡ ᠶᠢᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠢ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃    ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃    ︵ᠵᠢᠷᠭᠤᠭ᠎ᠠ︶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃    ︵ᠳᠣᠯᠤᠭ᠎ᠠ︶ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠬᠡᠷᠡᠭᠵᠢᠭᠦᠯᠬᠦ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃    ︵ᠶᠢᠰᠦ︶ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ  ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠠᠷᠪᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠴᠢᠨ ᠲᠣᠭᠤᠷᠢᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃    ︵ᠠᠷᠪᠠᠨ ᠨᠢᠭᠡ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠬᠠᠷᠢᠭᠤᠴᠠᠨ ᠪᠡᠶᠡᠯᠡᠭᠦᠯᠦᠨ᠎ᠡ᠃    ︵ᠠᠷᠪᠠᠨ ᠬᠤᠶᠠᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠨᠢᠭᠡᠳᠦᠯᠲᠡᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠣᠯᠣᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠬᠡᠷᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃     ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠰᠢᠭᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号