ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠳᠣ ᠬᠤᠭᠤᠴᠠᠭ᠎ᠠ ᠪᠠᠷ ᠡᠵᠡᠩᠨᠡᠯᠲᠡ ᠪᠠᠨ ᠵᠤᠭᠰᠤᠭᠠᠭᠰᠠᠨ ᠠᠵᠤ ᠠᠬᠤᠶᠢᠯᠠᠯ ᠢ ᠴᠡᠭᠴᠡᠯᠡᠬᠦ ᠰᠠᠨᠠᠭᠤᠯᠤᠮᠵᠢ ᠶᠢᠨ ᠴᠢᠨᠠᠷᠲᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/24
   ︽ᠠᠵᠤ ᠦᠢᠯᠡᠳᠪᠦᠷᠢ ᠬᠤᠳᠠᠯᠳᠤᠭ᠋ᠨ ᠤ ᠶᠡᠷᠦᠩᠬᠡᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠣᠷᠳᠣ ᠬᠤᠭᠤᠴᠠᠭ᠎ᠠ ᠪᠠᠷ ᠡᠵᠡᠩᠨᠡᠯᠲᠡ ᠪᠠᠨ ᠵᠣᠭᠰᠣᠭᠠᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠬᠦ ᠲᠤᠬᠠᠢ ᠮᠡᠳᠡᠭᠳᠡᠯ︾ ︵ᠠᠵᠤ ᠦᠢᠯᠡᠳᠪᠦᠷᠢ ᠬᠤᠳᠠᠯᠳᠤᠭ᠎ᠠ ᠠᠵᠤ ᠠᠬᠤᠶᠢᠯᠠᠯ ᠤᠨ ᠬᠢᠨᠠᠯᠲᠠ ᠥᠰᠥᠭ ﹇2016﹈ 97 ᠳ᠋ᠤᠭᠠᠷ ᠲᠣᠭᠠᠲᠤ︶ ᠵᠢᠴᠢ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠮᠠᠨ ᠤ ᠲᠣᠪᠴᠢᠶ᠎ᠠ ᠨᠢ ᠣᠷᠳᠣ ᠬᠤᠭᠤᠴᠠᠭ᠎ᠠ ᠪᠠᠷ ᠡᠵᠡᠩᠨᠡᠯᠲᠡ ᠪᠠᠨ ᠵᠤᠭᠰᠤᠭᠠᠭᠰᠠᠨ ᠠᠵᠤ ᠠᠬᠤᠶᠢᠯᠠᠯ ᠢ ᠢᠯᠭᠠᠷᠠᠭᠤᠯᠤᠨ ᠴᠡᠭᠴᠡᠯᠡᠬᠦ ᠠᠵᠢᠯ ᠢ ᠬᠠᠤᠯᠢ ᠶᠣᠰᠣᠭᠠᠷ  ᠦᠷᠨᠢᠬᠦᠯᠬᠦ ᠪᠠᠷ ᠪᠤᠯᠪᠠ᠃ ᠢᠯᠭᠠᠷᠠᠭᠤᠯᠤᠨ ᠴᠡᠭᠴᠡᠯᠡᠬᠦ ᠡᠲᠡᠭᠡᠳ ᠪᠣᠯ ᠬᠤᠶᠠᠷ ᠵᠢᠯ ᠳᠠᠷᠠᠭᠠᠯᠠᠨ ᠣᠨ ᠤ ᠮᠡᠳᠡᠭᠦᠯᠦᠯᠲᠡ ᠪᠠᠨ ᠬᠠᠤᠯᠢ ᠶᠣᠰᠣᠭᠠᠷ ᠮᠡᠳᠡᠭᠦᠯᠦᠨ ᠬᠦᠷᠭᠡᠭᠰᠡᠨ ᠦᠭᠡᠢ ᠮᠥᠷᠲᠡᠭᠡᠨ ᠭᠠᠶᠢᠯᠢ ᠲᠤᠰᠢᠶᠠᠬᠤ ᠪᠠᠷ ᠮᠡᠳᠡᠭᠦᠯᠦᠭᠰᠡᠨ ᠦᠭᠡᠢ ᠠᠵᠤ ᠠᠬᠤᠶᠢᠯᠠᠯ ᠪᠣᠯᠣᠨ᠎ᠠ᠃ ᠴᠡᠭᠴᠡᠯᠡᠬᠦ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠲᠤᠰ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ  ᠪᠤᠯᠭᠠᠭᠰᠠᠨ ᠡᠳᠦᠷ ᠠᠴᠠ ᠡᠬᠢᠯᠡᠨ ᠭᠤᠷᠪᠠᠨ ᠵᠢᠯ ᠳᠤᠳᠤᠷ᠎ᠠ᠂ ᠺᠣᠮᠫᠠᠨᠢ ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠢ᠂ ᠠᠵᠤ ᠠᠬᠤᠶᠢᠯᠠᠯ ᠤᠨ ᠬᠠᠤᠯᠢ ᠶᠢᠨ ᠬᠥᠮᠥᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠲᠤᠰᠢᠶᠠᠯ ᠢ ᠡᠭᠦᠷᠭᠡᠯᠡᠵᠦ ᠪᠣᠯᠬᠤ ᠦᠭᠡᠢ᠃      2024 ᠣᠨ ᠤ 3 ᠰᠠᠷ᠎ᠠ ᠶᠢᠨ 29 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠦᠷᠢᠳᠬᠡᠭᠦᠯᠦᠨ ᠳᠠᠩᠰᠠᠯᠠᠭᠤᠯᠤᠭᠰᠠᠨ 177 ᠠᠵᠤ ᠠᠬᠤᠶᠢᠯᠠᠯ ︵ᠨᠡᠷᠡᠰ ᠢ ᠠᠷᠤ ᠳᠤ ᠳᠠᠭᠠᠯᠳᠤᠭᠤᠯᠪᠠ︶ ᠨᠢ ᠣᠨ ᠤ ᠮᠡᠳᠡᠭᠦᠯᠦᠯᠲᠡ ᠪᠠᠨ ᠬᠤᠶᠠᠷ ᠵᠢᠯ ᠵᠢᠴᠢ ᠲᠡᠭᠦᠨ ᠠᠴᠠ ᠳᠡᠭᠡᠭᠰᠢ ᠵᠢᠯ ᠳᠠᠷᠠᠭᠠᠯᠠᠨ ᠮᠡᠳᠡᠭᠦᠯᠦᠨ ᠬᠦᠷᠭᠡᠭᠰᠡᠨ ᠦᠭᠡᠢ ᠪᠠᠶᠢᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃ ᠮᠠᠨ ᠤ ᠲᠣᠪᠴᠢᠶ᠎ᠠ ᠠᠴᠠ ᠣᠨᠴᠠᠭᠠᠶᠢᠯᠠᠨ ᠠᠯᠪᠠᠨ ᠵᠠᠷᠯᠠᠯ ᠢᠶᠠᠷ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠣᠨ ᠤ ᠮᠡᠳᠡᠭᠦᠯᠦᠯᠲᠡ ᠪᠠᠨ ᠨᠥᠬᠦᠨ ᠮᠡᠳᠡᠭᠦᠯᠬᠦ ᠶᠢᠨ ᠬᠠᠮᠲᠤ ᠢᠲᠡᠭᠡᠮᠵᠢ ᠪᠠᠨ ᠰᠡᠷᠭᠦᠭᠡᠬᠦ᠂ ᠡᠰᠡᠬᠦᠯ᠎ᠡ ᠬᠠᠤᠯᠢ ᠶᠣᠰᠣᠭᠠᠷ ᠳᠠᠩᠰᠠᠯᠠᠯᠲᠠ ᠪᠠᠨ ᠬᠤᠪᠢᠷᠠᠭᠤᠯᠬᠤ᠂ ᠳᠠᠩᠰᠠᠯᠠᠯᠲᠠ ᠪᠠᠨ ᠬᠦᠴᠦᠨ ᠦᠭᠡᠢ ᠪᠣᠯᠭᠠᠬᠤ ᠪᠠᠷ ᠭᠤᠶᠤᠴᠢᠯᠠᠵᠤ᠂ ᠬᠠᠤᠯᠢ ᠶᠣᠰᠣᠭᠠᠷ ᠭᠠᠶᠢᠯᠢ ᠲᠤᠰᠢᠶᠠᠬᠤ ᠪᠠᠷ ᠮᠡᠳᠡᠭᠦᠯᠬᠦ ᠶᠢ ᠰᠠᠨᠠᠭᠤᠯᠵᠤ ᠪᠠᠶᠢᠨ᠎ᠠ᠃     ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠬᠤ ᠠᠴᠠ ᠡᠮᠦᠨ᠎ᠡ᠂ ᠠᠵᠤ ᠠᠬᠤᠶᠢᠯᠠᠯ ᠨᠢ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠢᠨ᠎ᠡ ᠪᠠᠷ ᠰᠢᠢᠳᠪᠦᠷᠢᠯᠡᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠮᠡᠳᠡᠭᠳᠡᠭᠰᠡᠨ᠂ ᠡᠰᠡᠬᠦᠯ᠎ᠡ ᠬᠤᠪᠢᠷᠠᠭᠤᠯᠬᠤ ᠳᠠᠩᠰᠠᠯᠠᠯᠲᠠ᠂ ᠣᠨ ᠤ ᠮᠡᠳᠡᠭᠦᠯᠦᠯᠲᠡ ᠶᠢᠨ ᠤᠴᠢᠷ ᠶᠠᠪᠤᠳᠠᠯ ᠢ ᠰᠢᠨ᠎ᠡ ᠪᠠᠷ ᠭᠦᠢᠴᠡᠳᠬᠡᠭᠰᠡᠨ ᠪᠠᠶᠢᠪᠠᠯ᠂ ᠮᠠᠨ ᠤ ᠲᠣᠪᠴᠢᠶ᠎ᠠ ᠠᠴᠠ ᠲᠤᠰ ᠠᠵᠤ ᠠᠬᠤᠶᠢᠯᠠᠯ ᠳᠤ ᠥᠭᠬᠦ ᠵᠣᠬᠢᠴᠠᠩᠭᠤᠢ ᠵᠠᠰᠠᠭ ᠵᠠᠬᠢᠷᠭᠠᠨ ᠤ ᠰᠢᠳᠬᠡᠯ ᠤᠨ ᠵᠢᠷᠤᠮ ᠢ ᠵᠣᠭᠰᠣᠭᠠᠨ᠎ᠠ᠃ ᠠᠯᠪᠠᠨ ᠵᠠᠷᠯᠠᠯ ᠤᠨ ᠠᠭᠤᠯᠭ᠎ᠠ ᠳᠤ ᠬᠡᠷᠪᠡ ᠮᠠᠳᠠᠭ ᠲᠠᠢ ᠪᠣᠯ᠂ ᠮᠠᠨ ᠤ ᠲᠣᠪᠴᠢᠶ᠎ᠠ ᠶᠢᠨ  ᠲᠠᠩᠰᠠᠯᠠᠭᠤᠯᠬᠤ ᠲᠠᠰᠤᠭ ᠲᠠᠢ ᠬᠠᠷᠢᠯᠴᠠᠵᠤ ᠪᠣᠯᠣᠨ᠎ᠠ᠂ ᠬᠠᠷᠢᠯᠴᠠᠬᠤ ᠤᠲᠠᠰᠤ 0479—3520570᠃      ᠳᠠᠭᠠᠯᠳᠤᠭᠤᠯᠤᠯ᠄ ᠣᠨ ᠤ ᠮᠡᠳᠡᠭᠦᠯᠦᠯᠲᠡ ᠪᠠᠨ ᠬᠤᠶᠠᠷ ᠵᠢᠯ ᠵᠢᠴᠢ ᠲᠡᠭᠦᠨ ᠠᠴᠠ ᠳᠡᠭᠡᠭᠰᠢ ᠵᠢᠯ ᠳᠠᠷᠠᠭᠠᠯᠠᠨ ᠮᠡᠳᠡᠭᠦᠯᠦᠨ ᠬᠦᠷᠭᠡᠭᠰᠡᠨ ᠦᠭᠡᠢ ᠠᠵᠤ ᠠᠬᠤᠶᠢᠯᠠᠯ ᠤᠨ ᠨᠡᠷᠡᠰ                          ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ                                         2024 ᠣᠨ ᠤ 5 ᠰᠠᠷ᠎ᠠ ᠶᠢᠨ 17
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号