ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠡᠮᠡᠭᠲᠡᠶᠢᠴᠦᠳ ᠤᠨ ︽ᠬᠤᠶᠠᠷ ᠥᠮᠡᠨ︾ ᠤ | ᠰᠦᠶᠳᠬᠡᠯ ᠬᠤᠷᠢᠶᠠᠬᠤ ᠥᠬᠡᠶ ᠰᠢᠭᠰᠢᠨ ᠪᠠᠶᠢᠴᠠᠭᠠᠯᠲᠠ ᠶᠠᠪᠤᠭᠳᠠᠵᠤ ᠪᠣᠶ᠃ ᠡᠯ᠎ᠡ ᠰᠤᠮᠤ ᠪᠠᠯᠭᠠᠰᠤ᠂ ᠭᠠᠴᠠᠭ᠎ᠠ᠂ | ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠦᠷᠬᠡᠨ ᠤᠯᠠᠨ ᠡᠮᠡᠭᠲᠡᠶᠢᠴᠦᠳ ᠢ | ᠢᠳᠡᠪᠬᠢᠲᠡᠶ ᠵᠣᠬᠢᠶᠠᠨ ᠪᠠᠶᠢᠭᠤᠯᠵᠤ᠂ ᠪᠠᠷᠠᠭᠤᠨ ᠦᠵᠤᠮᠤᠴᠢᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠢ | ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠲᠥᠪ ᠲᠠᠢ ᠬᠠᠷᠢᠯᠴᠠᠵᠤ᠂ ᠴᠠᠭ ᠢᠶᠠᠨ ᠵᠤᠬᠢᠰᠲᠠᠢ | ᠲᠣᠬᠢᠷᠠᠭᠤᠯᠵᠤ ᠪᠠᠶᠢᠭᠠᠳ ᠡᠮᠡᠭᠲᠡᠶᠢᠴᠦᠳ ᠤᠨ ︽ᠬᠤᠶᠠᠷ ᠥᠮᠡᠨ︾ ᠤ ᠰᠦᠶᠳᠬᠡᠯ ᠬᠤᠷᠢᠶᠠᠬᠤ ᠥᠬᠡᠶ ᠰᠢᠭᠰᠢᠨ | ᠪᠠᠶᠢᠴᠠᠭᠠᠯᠲᠠ ᠳᠤ ᠤᠷᠤᠯᠴᠠᠭᠤᠯᠬᠤ ᠶᠢᠨ ᠬᠠᠮᠲᠤ ︽ᠬᠤᠶᠠᠷ ᠥᠮᠡᠨ︾ ᠤ ᠮᠡᠳᠡᠯᠭᠡ ᠶᠢ ᠤᠬᠠᠭᠤᠯᠤᠨ | ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠡᠮᠡᠭᠲᠡᠶᠢᠴᠦᠳ ᠤᠨ ᠡᠷᠡᠭᠦᠯᠵᠢᠯ ᠤᠨ ᠦᠵᠡᠯ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠢ | ᠡᠷᠲᠡ ᠣᠨᠣᠰᠢᠯᠠᠬᠤ ᠪᠠ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ | ᠡᠷᠡᠭᠦᠯ ᠮᠡᠨᠳᠦ ᠶᠢᠨ ᠬᠢᠷᠢ ᠲᠦᠪᠰᠢᠨ ᠢ ᠪᠠᠳᠤᠯᠠᠨ᠎ᠠ᠃ | ᠪᠠᠶᠢᠴᠠᠭᠠᠬᠤ ᠨᠢᠭᠤᠷᠯᠠᠯ | ᠪᠥᠬᠦ ᠬᠤᠰᠢᠭᠤᠨ ᠤ 35 ᠨᠠᠰᠤᠨ ᠠᠴᠠ ᠪᠦᠬᠦᠯᠢ 64 ᠨᠠᠰᠤ ᠬᠦᠷᠲᠡᠯᠡᠬᠢ ᠡᠮᠡᠭᠲᠡᠶᠢᠴᠦᠳ ︵2022᠂ | 2023 ᠣᠨ ᠳᠤ ᠨᠢᠭᠡᠨᠲᠡ ᠰᠦᠶᠳᠬᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠵᠤ | ᠥᠩᠭᠡᠷᠡᠭᠰᠡᠨ ᠬᠥᠮᠦᠰ ᠲᠣᠰ ᠤᠳᠠᠭᠠᠨ ᠤ ᠰᠢᠭᠰᠢᠨ ᠪᠠᠶᠢᠴᠠᠭᠠᠯᠲᠠ ᠶᠢᠨ ᠬᠡᠪᠴᠢᠶᠡᠨ ᠳᠤ ᠪᠠᠭᠲᠠᠬᠤ ᠥᠬᠡᠶ︶ | ᠲᠥᠯᠥᠪᠦᠷᠢ ᠥᠬᠡᠶ ᠪᠠᠶᠢᠴᠠᠭᠠᠬᠤ ᠲᠥᠷᠥᠯ ᠵᠦᠶᠯ | ᠰᠠᠪᠠ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ᠄ ᠡᠮᠡᠭᠲᠡᠢ ᠶᠢᠨ ᠰᠠᠯᠠᠭᠠᠨ ᠤ ᠪᠠᠶᠢᠴᠠᠭᠠᠯᠲᠠ᠂ | HPV ︵ᠬᠦᠮᠤᠨ ᠤ ᠬᠥᠬᠦᠨᠴᠢᠷ ᠬᠠᠪᠤᠳᠠᠷ ᠤᠨ ᠸᠢᠷᠦ᠋ᠰ ᠤᠨ ᠪᠠᠶᠢᠴᠠᠭᠠᠯᠲᠠ )᠂ ᠬᠠᠯᠳᠠᠪᠤᠷᠢᠯᠠᠯ ᠤᠨ ᠳᠥᠷᠪᠡᠨ | ᠵᠦᠢᠯ | ᠬᠥᠬᠦᠨ ᠪᠤᠯᠴᠢᠷᠬᠠᠶ ᠶᠢᠨ ᠥᠮᠡᠨ ᠤ ᠰᠢᠭᠰᠢᠨ ᠪᠠᠶᠢᠴᠠᠭᠠᠯᠲᠠ᠄ ᠬᠥᠬᠦᠨ ᠪᠤᠯᠴᠢᠷᠬᠠᠶ ᠶᠢᠨ ᠬᠠᠷᠠᠭᠠᠨ | ᠣᠨᠣᠰᠢᠯᠠᠯ᠂ ᠬᠦᠷᠦᠯᠴᠡᠬᠦ ᠣᠨᠣᠰᠢᠯᠠᠯ᠂ ᠬᠥᠬᠦᠨ ᠪᠤᠯᠴᠢᠷᠬᠠᠶ ᠶᠢᠨ ᠥᠩᠭᠡᠲᠦ ᠬᠡᠲᠦ ᠳᠣᠯᠭᠢᠶᠠᠨ ᠤ ᠪᠠᠶᠢᠴᠠᠭᠠᠯᠲᠠ | ᠪᠠᠶᠢᠴᠠᠭᠠᠬᠤ ᠭᠠᠵᠠᠷ | ᠪᠠᠷᠠᠭᠤᠨ ᠦᠵᠦᠮᠦᠴᠢᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠢ ᠬᠠᠮᠠᠭᠠᠯᠠᠬᠤ ᠲᠥᠯᠥᠪᠯᠡᠭᠡᠲᠦ | ᠦᠷᠡᠵᠢᠯ ᠤᠨ ᠦᠶᠯᠡᠴᠢᠯᠡᠭᠡᠨ ᠤ ᠲᠥᠪ ︵ᠵᠠᠰᠠᠭ ᠵᠠᠬᠢᠷᠭᠠᠨ ᠤ ᠨᠢᠭᠡᠳᠦᠭᠡᠷ ᠵᠡᠭᠡᠯᠢ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠠᠭᠤᠨ ᠲᠠᠯ᠎ᠠ︶ ᠤᠨ ᠬᠤᠶᠠᠳᠤᠭᠠᠷ | ᠠᠰᠠᠷ ᠤᠨ ᠬᠠᠮᠤᠭ ᠵᠡᠭᠦᠨ ᠲᠠᠯ᠎ᠠ ᠶᠢᠨ ᠡᠮᠡᠭᠲᠡᠶᠢᠴᠦᠳ ᠤᠨ ᠳᠠᠭᠠᠳᠬᠠᠯ ᠤᠨ ᠰᠠᠯᠠᠭ᠎ᠠ | ᠠᠩᠬᠠᠷᠬᠤ ᠵᠦᠢᠯ | ⒈ᠪᠠᠶᠢᠴᠠᠭᠠᠯᠲᠠ ᠬᠢᠬᠦ ᠳᠤ ᠰᠠᠷ᠎ᠠ ᠶᠢᠨ ᠭᠬᠢᠷ ᠤᠨ ᠬᠤᠭᠤᠴᠠᠭ᠎ᠠ ᠠᠴᠠ ᠵᠠᠶᠢᠯᠠᠰᠬᠢᠬᠦ ᠬᠡᠷᠡᠭᠲᠡᠶ︔ | ⒉ᠪᠠᠶᠢᠴᠠᠭᠠᠬᠤ ᠠᠴᠠ ᠡᠮᠦᠨ᠎ᠡ ᠳᠠᠪᠤᠰᠠᠩ ᠢᠶᠠᠨ ᠳᠦᠭᠦᠷᠭᠡᠬᠦ ᠬᠡᠷᠡᠭᠲᠡᠢ︔ | ⒊ᠪᠠᠶᠢᠴᠠᠭᠠᠬᠤ ᠠᠴᠠ ᠡᠮᠦᠨ᠎ᠡ ᠭᠤᠷᠪᠠᠨ ᠡᠳᠦᠷ ᠲᠤ ᠤᠮᠠᠢ ᠳᠡᠭᠡᠷ᠎ᠡ ᠡᠮ ᠲᠦᠷᠬᠢᠬᠦ ᠪᠠ ᠤᠮᠠᠢ ᠶᠢ | ᠤᠬᠢᠶᠠᠬᠤ᠂ ᠬᠤᠷᠢᠴᠠᠯ ᠤᠨ ᠠᠮᠢᠳᠤᠷᠠᠯ ᠬᠢᠬᠦ ᠠᠴᠠ ᠵᠠᠶᠢᠯᠠᠰᠬᠢᠬᠦ ᠶᠢ ᠱᠠᠭᠠᠷᠳᠠᠨ᠎ᠠ︔ | ⒋ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠪᠣᠯ ᠠᠩᠬᠠᠨ ᠤ ᠰᠢᠭᠰᠢᠨ ᠪᠠᠶᠢᠴᠠᠭᠠᠯᠲᠠ ᠮᠥᠨ᠂ | ᠡᠴᠦᠰ ᠤᠨ ᠣᠨᠣᠰᠢᠯᠠᠯᠲᠠ ᠪᠢᠰᠢ᠂ ᠰᠢᠭᠰᠢᠨ ᠪᠠᠶᠢᠴᠠᠭᠠᠯᠲᠠ ᠳᠤ ᠢᠯᠡᠷᠡᠭᠦᠯᠦᠭᠰᠡᠨ ᠰᠡᠵᠢᠭᠯᠡᠯᠲᠡᠶ ᠡᠪᠡᠳᠴᠢᠲᠡᠨ ᠢ | ᠤᠯᠠᠮ ᠨᠢᠭᠡ ᠠᠯᠬᠤᠮ ᠪᠠᠶᠢᠴᠠᠭᠠᠨ᠎ᠠ᠃ | ᠪᠤᠯᠵᠤᠬᠤ ᠴᠠᠭ | ᠬᠠᠷᠢᠯᠴᠠᠬᠤ ᠤᠳᠠᠰᠤ᠄ 0479 - 2250807 | ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8᠄ 30—11᠄ 00᠂ | ᠦᠳᠡ ᠶᠢᠨ ᠬᠤᠶᠢᠨ᠎ᠠ 2᠄ 30—5᠄ 00︶ |