ᠪᠠᠷᠠᠭᠤᠨ ᠦᠵᠦᠮᠦᠴᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠥᠳᠡᠯᠮᠦᠷᠢ ᠬᠦᠴᠦᠨ ᠢ ᠪᠠᠶᠢᠴᠠᠭᠠᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
    ᠬᠥᠳᠡᠯᠮᠦᠷᠢ ᠬᠦᠴᠦᠨ ᠤ ᠪᠠᠶᠢᠴᠠᠭᠠᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠣᠷᠣ ᠲᠣᠯᠣᠭᠠᠢ ᠨᠡᠶᠢᠭᠡᠮ ᠲᠣᠭᠤᠷᠢᠭ ᠲᠠᠢ ᠬᠠᠮᠲᠤᠷᠠᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠤᠬᠠᠢ ᠶᠢᠨ ᠲᠠᠯᠠᠪᠠᠢ ᠳᠤ᠂ ︽ᠬᠥᠳᠡᠯᠮᠦᠷᠢ ᠬᠦᠴᠦᠨ ᠤ ᠪᠠᠶᠢᠴᠠᠭᠠᠯᠲᠠ ᠶᠢ ᠲᠦᠭ ᠲᠦᠮᠡᠨ ᠡᠷᠤᠭᠡ ᠳᠤ ᠬᠦᠷᠭᠡᠵᠦ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠴᠢ ᠪᠢᠳᠡ ᠪᠤᠰᠤᠳ ᠲᠤ ᠠᠰᠢᠭ ᠬᠦᠷᠲᠡᠭᠡᠶ᠎ᠡ︾ ᠭᠡᠬᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠲᠠᠲᠠᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ︽ᠪᠠᠶᠢᠴᠠᠭᠠᠯᠲᠠ ᠶᠢᠨ ᠡᠷᠤᠭᠡ ᠳᠤ ᠥᠭᠭᠦᠭᠰᠡᠨ ᠵᠠᠬᠢᠳᠠᠯ︾ ᠪᠣᠯᠣᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠯᠠᠪᠯᠠᠯᠭ᠎ᠠ ᠶᠢᠨ ᠲᠠᠪᠴᠠᠩ ᠭᠠᠷᠭᠠᠵᠤ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃      ᠲᠤᠬᠠᠢ ᠶᠢᠨ ᠲᠠᠯᠠᠪᠤᠷ ᠤᠨ ᠬᠠᠷᠢᠯᠴᠠᠨ ᠬᠥᠳᠡᠯᠦᠯᠴᠡᠬᠦ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢ ᠥᠷᠨᠢᠭᠦᠯᠬᠦ ᠶᠢᠨ ᠣᠶᠢᠯᠠᠭᠠᠬᠤ ᠬᠡᠮᠵᠢᠶ᠎ᠡ ᠪᠠ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号