ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠬᠦᠯ ᠮᠡᠨᠲᠤ ᠶᠢᠨ ᠲᠤᠰᠬᠠᠢ ᠰᠡᠳᠦᠪᠲᠦ ᠲᠠᠶᠢᠯᠤᠮᠵᠢ ᠎ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/5/27
       5 ᠰᠠᠷ᠎ᠠ ᠶᠢᠨ 25᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠲᠤᠷᠠᠨ ︽ᠭᠡᠷ ᠪᠦᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠵᠡᠯ︾᠎ ᠤᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠬᠦᠯ ᠮᠡᠨᠲᠤ ᠶᠢᠨ ᠲᠤᠰᠬᠠᠢ ᠰᠡᠳᠦᠪᠲᠦ ᠲᠠᠶᠢᠯᠤᠮᠵᠢ ᠶᠢᠨ ᠬᠤᠷᠠᠯ ᠡᠷᠭᠢᠯᠡᠵᠦ᠂ 300 ᠭᠠᠷᠤᠢ  ᠭᠡᠷ ᠤᠨ ᠠᠬᠠᠮᠠᠳ  ᠣᠷᠣᠯᠴᠠᠵᠠᠢ᠃
           ᠬᠤᠷᠠᠯ ᠳᠤ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠭᠴᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠡᠷᠡᠭᠯᠡᠭᠡᠨ ᠤ ᠰᠡᠳᠬᠢᠴᠡ ᠵᠦᠢ ᠶᠢᠨ ᠲᠤᠰᠬᠠᠢ ᠮᠡᠷᠭᠡᠵᠢᠯ ᠤᠨ ᠬᠠᠷᠢᠭᠤᠴᠠᠯᠭᠠᠲᠠᠨ᠂ ᠰᠡᠳᠬᠢᠴᠡ ᠵᠦᠢ ᠶᠢᠨ ᠳ᠋ᠣᠺᠲ᠋ᠣᠷ ᠯᠢ ᠸᠧᠢ ᠪᠠᠭᠰᠢ ᠶᠢ ᠲᠤᠰᠬᠠᠶᠢᠯᠠᠨ ᠤᠷᠢᠵᠤ ᠲᠤᠰᠬᠠᠢ ᠲᠠᠶᠢᠯᠤᠮᠵᠢ ᠬᠢᠯᠭᠡᠵᠠᠢ᠃ ᠯᠢ ᠸᠧᠢ ᠪᠠᠭᠰᠢ ᠣᠯᠠᠨ ᠵᠢᠯ ᠤᠨ ᠦᠢᠯᠡᠳᠦᠯᠭᠡ ᠶᠢᠨ ᠲᠤᠷᠰᠢᠯᠭ᠎ᠠ ᠪᠠ ᠡᠯᠪᠡᠭ ᠪᠠᠶᠠᠯᠢᠭ ᠲᠤᠰᠬᠠᠢ ᠮᠡᠷᠭᠡᠵᠢᠯ ᠤᠨ ᠮᠡᠳᠡᠯᠭᠡ ᠲᠠᠢ ᠤᠶᠠᠯᠳᠤᠭᠤᠯᠤᠨ᠂ ᠠᠮᠢᠳᠤᠯᠢᠭ ᠰᠣᠨᠢᠷᠬᠠᠯᠲᠠᠢ ᠬᠡᠷᠡᠭ ᠤᠨ ᠵᠢᠱᠢᠶ᠎ᠡ ᠪᠠ ᠭᠦᠨᠵᠡᠭᠡᠢ ᠣᠶᠢᠯᠠᠭᠠᠮᠵᠢᠲᠠᠢ ᠲᠠᠶᠢᠯᠪᠤᠷᠢᠯᠠᠯᠲᠠ ᠪᠠᠷ ᠳᠡᠮᠵᠢᠨ᠂ ᠵᠠᠯᠠᠭᠤ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠷᠢᠮᠵᠢᠶ᠎ᠠ᠂ ᠪᠠᠶᠢᠩᠭᠤ ᠲᠣᠬᠢᠶᠠᠯᠳᠤᠬᠤ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠵᠢᠴᠢ ᠪᠦᠷᠢᠯᠳᠦᠭᠰᠡᠨ ᠰᠢᠯᠲᠠᠭᠠᠨ ᠢ ᠭᠦᠨᠵᠡᠭᠡᠢ ᠵᠠᠳᠠᠯᠤᠨ ᠰᠢᠨᠵᠢᠯᠡᠵᠦ᠂ ᠬᠡᠷᠬᠢᠨ ᠵᠥᠪ ᠣᠨᠣᠪᠴᠢᠲᠠᠶ ᠭᠡᠷ ᠪᠦᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠵᠡᠯᠲᠡ ᠶᠢ ᠪᠣᠢ ᠪᠣᠯᠭᠠᠬᠤ᠂ ᠬᠡᠷᠬᠢᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠡᠦᠬᠡᠳ ᠤᠨ ᠰᠡᠳᠬᠢᠴᠡ ᠶᠢᠨ ᠬᠤᠪᠢᠷᠠᠯᠲᠠ ᠶᠢ ᠠᠩᠬᠠᠷᠴᠤ᠂ ᠬᠡᠦᠬᠡᠳ ᠲᠤ ᠵᠣᠬᠢᠰᠲᠠᠢ ᠳᠡᠮᠵᠢᠯᠭᠡ ᠪᠠ ᠵᠢᠯᠣᠭᠤᠳᠤᠯᠭ᠎ᠠ ᠥᠭᠴᠦ᠂ ᠬᠡᠦᠬᠡᠳ ᠢ ᠬᠠᠪᠰᠤᠷᠤᠨ ᠡᠷᠡᠭᠦᠯ ᠴᠢᠭᠢᠷᠠᠭ ᠵᠠᠩ ᠴᠢᠨᠠᠷ ᠢ ᠪᠣᠢ ᠪᠣᠯᠭᠠᠬᠤ ᠲᠤᠬᠠᠢ ᠨᠠᠷᠢᠨ ᠲᠣᠳᠣᠷᠬᠠᠢ  ᠲᠠᠶᠢᠯᠪᠤᠷᠢᠯᠠᠵᠠᠢ᠃
      ᠬᠤᠷᠠᠯ ᠤᠨ ᠳᠠᠷᠠᠭ᠎ᠠ᠂ ᠭᠡᠷ ᠤᠨ ᠠᠬᠠᠮᠠᠳ ᠢᠳᠡᠪᠬᠢᠲᠡᠢ ᠪᠠᠷ ᠯᠢ ᠸᠧᠢ ᠪᠠᠭᠰᠢ ᠲᠠᠢ ᠰᠠᠨᠠᠯ ᠪᠤᠳᠤᠯ ᠢᠶᠠᠨ ᠰᠤᠯᠢᠯᠴᠠᠨ᠂ ᠭᠡᠷ ᠪᠦᠯᠢ ᠶᠢᠨ ᠬᠥᠮᠦᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢᠶᠠᠨ  ᠠᠰᠠᠭᠤᠨ  ᠯᠠᠪᠯᠠᠵᠤ  ᠬᠦᠰᠡᠭᠰᠡᠨ ᠬᠠᠷᠢᠭᠤᠯᠲᠠ ᠪᠠᠨ ᠬᠤᠪᠢᠶᠠᠯᠴᠠᠵᠠᠢ᠃       ᠲᠣᠰ ᠤᠳᠠᠭᠠᠨ ᠤ ᠲᠠᠶᠢᠯᠤᠮᠵᠢ ᠶᠢᠨ ᠠᠭᠤᠯᠭ᠎ᠠ ᠨᠢ ᠪᠦᠷᠢᠨ ᠲᠡᠭᠦᠯᠳᠡᠷ ᠪᠥᠭᠡᠳ ᠭᠦᠨᠵᠡᠭᠡᠢ᠂ ᠭᠡᠷ ᠤᠨ ᠠᠬᠠᠮᠠᠳ ᠨᠠᠷ ᠲᠤᠩ ᠶᠡᠭᠡ ᠣᠯᠣᠯᠲᠠ ᠲᠠᠢ ᠪᠠᠶᠢᠵᠤ᠂ ᠬᠡᠦᠬᠡᠳ ᠤᠨ ᠢᠶᠠᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠠᠯ᠎ᠠ ᠪᠠᠷ ᠬᠢ ᠴᠢᠷᠮᠠᠶᠢᠬᠤ ᠴᠢᠭᠯᠡᠯ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠡᠦᠬᠡᠳ ᠤᠨ ᠢᠶᠠᠨ ᠦᠰᠦᠨ ᠪᠤᠶᠢᠵᠢᠯᠲᠠ ᠳᠤ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠵᠤ᠂ ᠨᠡᠨᠩ ᠢᠯᠠᠩᠭᠤᠶ᠎ᠠ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠡᠶ᠎ᠡ ᠨᠠᠶᠢᠷᠲᠠᠢ ᠪᠣᠯᠭᠠᠵᠤ᠂ ᠵᠠᠯᠠᠭᠤᠴᠤᠳ ᠪᠠᠭᠠᠴᠤᠳ ᠲᠤ ᠤᠯᠠᠮ ᠰᠠᠶᠢᠨ ᠰᠠᠶᠢᠬᠠᠨ ᠦᠰᠦᠨ ᠪᠣᠶᠢᠵᠢᠬᠤ ᠣᠷᠴᠢᠨ ᠨᠥᠬᠦᠴᠡᠯ ᠢ ᠡᠭᠦᠳᠦᠨ ᠥᠭᠴᠦ᠂ ᠲᠡᠳᠡᠨ ᠤ ᠢᠷᠡᠭᠡᠳᠦᠢ ᠶᠢᠨ ᠵᠠᠮ ᠳᠠᠭᠠᠨ ᠯᠠᠪᠳᠠᠭᠤᠨ ᠢᠶᠠᠷ ᠤᠷᠤᠭᠰᠢᠯᠠᠬᠤ ᠳᠤ ᠪᠤᠳᠠᠳᠤ ᠬᠦᠴᠦᠨ  ᠨᠡᠮᠡᠷᠢᠯᠡᠭᠰᠡᠨ ᠶᠤᠮ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号