ᠪᠢᠴᠢᠬᠠᠨ ᠪᠦᠮᠪᠦᠬᠡᠨ ᠤᠳᠤᠨ—— ᠪᠠᠶᠠᠯᠢᠭ
ᠨᠡᠶᠢᠲᠡᠯᠡᠭᠰᠡᠨ ᠴᠠᠭ᠄
2024/5/27
     ᠤᠷᠴᠢᠮᠬᠠᠨ ᠶᠠᠪᠤᠭᠳᠠᠭᠰᠠᠨ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ︽ ᠨᠠᠬᠢᠶ᠎ᠠ ᠬᠤᠨᠳᠠᠭᠠᠲᠤ︾  ᠴᠡᠴᠡᠷᠯᠢᠭ ᠤᠨ ᠬᠥᠯ ᠪᠥᠮᠪᠦᠭᠡ  ᠎ ᠶᠢᠨ ᠴᠤᠭᠯᠠᠭᠠᠨ ᠳᠤ  ᠪᠢᠴᠢᠬᠠᠨ ᠪᠦᠮᠪᠦᠬᠡᠨ ᠤᠳᠤᠨ ᠪᠠᠶᠠᠯᠢᠭ ᠠᠬᠤᠢ ᠲᠠᠯᠠᠪᠠᠢ ᠶᠢᠨ ᠦᠵᠡᠭᠴᠢᠳ ᠤᠨ ᠠᠩᠬᠠᠷᠤᠯ ᠳᠤ ᠬᠦᠷᠴᠦ᠂ ᠪᠦᠮᠪᠦᠭᠡ ᠲᠠᠮᠵᠢᠭᠤᠯᠬᠤ᠂ ᠪᠦᠮᠪᠦᠭᠡ ᠤᠷᠤᠭᠤᠯᠬᠤ ᠵᠡᠷᠭᠡ  ᠬᠤᠷᠴᠠ ᠱᠠᠯᠠᠮᠠᠭᠠᠢ ᠦᠢᠯᠡ ᠬᠦᠳᠡᠯᠦᠯ ᠨᠢ ᠮᠠᠰᠢ ᠤᠯᠠᠨ ᠬᠦᠮᠦᠨ  ᠎ ᠤ ᠬᠠᠷᠠᠭ᠎ᠠ ᠶᠢ  ᠪᠤᠯᠢᠶᠠᠵᠤ᠂ ᠪᠤᠰᠤᠳ ᠠᠴᠠ ᠤᠷᠤᠶᠢᠯᠠᠭᠰᠠᠨ ᠬᠦᠯ ᠪᠦᠮᠪᠦᠬᠡᠨ ᠤ ᠲᠠᠯ᠎ᠠ ᠶᠢᠨ ᠤᠷ᠎ᠠ ᠠᠪᠢᠶᠠᠰ ᠨᠢ  ᠬᠤᠷᠠᠭᠰᠠᠨ ᠤᠯᠠᠨ ᠳᠤ ᠱᠠᠭᠰᠢᠭᠳᠠᠵᠤ ᠪᠠᠶᠢᠯ᠎ᠠ᠃      ᠪᠠᠶᠠᠯᠢᠭ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ  ᠬᠡᠦᠬᠡᠳ ᠤᠨ ᠴᠡᠴᠡᠷᠯᠢᠭ ᠤᠨ 28 ᠳ᠋ᠤᠭᠠᠷ ᠠᠩᠭᠢ ᠳᠤ ᠰᠤᠷᠤᠯᠴᠠᠳᠠᠭ ᠪᠦᠬᠡᠳ ᠪᠡᠶ᠎ᠡ ᠲᠠᠮᠢᠷ ᠤᠨ ᠲᠠᠯ᠎ᠠ ᠳᠤ ᠤᠨᠴᠠ ᠠᠪᠢᠶᠠᠰ ᠲᠠᠢ᠂ ᠤᠨᠴᠠᠭᠠᠶᠢᠯᠠᠨ ᠬᠦᠯ ᠪᠦᠮᠪᠦᠬᠡᠨ ᠎ ᠳᠤ ᠮᠠᠰᠢ ᠲᠤᠷ᠎ᠠ ᠪᠠᠬ᠎ᠠ ᠲᠠᠢ ᠰᠠᠶᠢᠬᠠᠨ ᠲᠤᠭᠯᠠᠳᠠᠭ ᠠᠴᠠ ᠰᠤᠷᠭᠠᠭᠴᠢ ᠪᠠᠭᠰᠢ ᠲᠡᠭᠵᠢᠷᠡᠬᠦ ᠪᠤᠯᠤᠨ ᠡᠩᠭᠡᠳᠦ᠋ᠪᠰᠢᠨ ᠳᠤ ᠰᠤᠩᠭᠤᠭᠳᠠᠨ ᠰᠢᠰᠲ᠋ᠧᠮ ᠲᠠᠢ ᠰᠤᠷᠤᠯᠴᠠᠠ ᠪᠡᠯᠡᠳᠭᠡᠯ ᠪᠤᠯᠪᠠᠰᠤᠷᠠᠯ ᠰᠠᠶᠢᠨ ᠬᠢᠭᠰᠡᠨ ᠢᠶᠠᠷ ᠲᠤᠰ ᠤᠳᠠᠭᠠᠨ ᠤ ᠤᠷᠤᠯᠳᠤᠭᠠᠨ ᠳᠤ ᠮᠠᠰᠢ ᠰᠠᠶᠢᠨ ᠬᠢᠷᠢ ᠪᠦᠳᠦᠮᠵᠢ ᠡᠬᠦᠳᠴᠦ᠂ ᠨᠡᠶᠢᠲᠡ 5 ᠲᠠᠯᠠᠪᠠᠢ ᠤᠷᠤᠯᠳᠤᠭᠠᠨ ᠳᠤ ᠭᠠᠪᠰᠢᠭᠠᠶᠢᠯᠠᠨ᠂ 11 ᠪᠦᠮᠪᠦᠭᠡ ᠤᠷᠤᠭᠤᠯᠤᠭᠰᠠᠨ ᠰᠢᠯᠢᠳᠡᠭ ᠬᠢᠷᠢ ᠪᠦᠳᠦᠮᠵᠢ ᠡᠬᠦᠳᠦᠨ ︽ᠰᠢᠯᠢᠳᠡᠭ ᠪᠦᠮᠪᠦᠭᠡᠴᠢᠨ︾᠎ ᠢᠶᠠᠷ ᠬᠦᠬᠢᠬᠦᠯᠦᠭᠳᠡᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠲᠣᠰ ᠤᠳᠠᠭᠠᠨ ᠤ ᠬᠥᠯ ᠪᠥᠮᠪᠦᠭᠡ ᠶᠢᠨ ᠴᠤᠭᠯᠠᠭᠠᠨ ᠳᠤ ᠪᠥᠬᠦ ᠬᠤᠰᠢᠭᠤᠨ ᠤ 6 ᠬᠡᠦᠬᠡᠳ ᠤᠨ ᠴᠡᠴᠡᠷᠯᠢᠭ ᠤᠨ 90 ᠭᠠᠷᠤᠢ ᠲᠠᠮᠢᠷᠴᠢᠳ ᠤᠷᠤᠯᠴᠠᠨ᠂  ᠭᠤᠤᠯᠳᠠᠭᠤ ᠬᠡᠦᠬᠡᠳ ᠤᠨ  ᠪᠡᠶ᠎ᠡ ᠲᠠᠮᠢᠷ ᠤᠨ ᠬᠥᠭᠵᠢᠯᠲᠡ ᠶᠢᠨ ᠬᠢᠷᠢ ᠲᠦᠪᠰᠢᠨ ᠪᠠ ᠳᠤᠷ᠎ᠠ ᠰᠣᠨᠢᠷᠬᠠᠯ ᠎ ᠢ ᠦᠨᠳᠦᠰᠦᠯᠡᠨ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠᠷ ᠭᠤᠣᠯ ᠪᠣᠯᠭᠠᠵᠤ᠂  ᠤᠷᠮ᠎ᠠ  ᠪᠠᠬ᠎ᠠ ᠶᠢ ᠲᠣᠪᠤᠶᠢᠯᠭᠠᠨ᠂ ᠬᠡᠦᠭᠡᠳ ᠤᠨ ᠣᠷᠣᠯᠴᠠᠬᠤ ᠪᠠ ᠪᠦᠯᠬᠦᠮᠳᠡᠨ ᠬᠠᠮᠵᠢᠯᠴᠠᠬᠤ ᠶᠢ ᠴᠢᠬᠤᠯᠠᠴᠢᠯᠠᠵᠤ᠂  ᠡᠷᠡᠰ ᠬᠠᠲᠠᠭᠤ᠂ ᠡᠷᠡᠯᠬᠡᠭ ᠪᠠᠭᠠᠲᠤᠷᠯᠢᠭ᠂ ᠴᠥᠬᠦᠷᠡᠯ ᠦᠭᠡᠢ ᠬᠥᠯ ᠪᠥᠮᠪᠦᠭᠡ ᠶᠢᠨ ᠵᠣᠷᠢᠭ  ᠰᠠᠨᠠᠭ᠎ᠠ ᠶᠢ ᠪᠠᠳᠠᠷᠠᠭᠤᠯᠵᠤ᠂  ᠬᠥᠯ ᠪᠥᠮᠪᠦᠭᠡ ᠶᠢᠨ ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号