| ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ | 1985 ᠣᠨ ᠳᠤ ᠪᠠᠶᠢᠭᠤᠯᠤᠭᠳᠠᠭᠰᠠᠨ ᠠᠴᠠ ᠨᠠᠰᠢᠬᠢ 39 ᠵᠢᠯ ᠤᠨ ᠲᠤᠷᠰᠢ᠂ ᠤᠷᠢᠳ ᠬᠤᠵᠢᠳ ︽ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠬᠠᠮᠲᠤ | ᠨᠢᠭᠡᠴᠡ︾ ︽ᠪᠥᠬᠦ ᠤᠯᠤᠰ ᠤᠨ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠰᠢᠯᠢᠳᠡᠭ ᠨᠢᠭᠡᠴᠡ︾ ︽ | ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ︾ ︽ᠪᠥᠬᠦ | ᠣᠷᠣᠨ ᠤ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠤᠨ ᠲᠡᠮᠳᠡᠭᠲᠦ ᠬᠠᠮᠲᠤ ᠨᠢᠭᠡᠴᠡ︾ ᠵᠡᠷᠭᠡ | ᠢᠷᠠᠭᠤ ᠠᠯᠳᠠᠷ ᠢ ᠭᠥᠷᠳᠡᠵᠦ᠂ ᠬᠠᠮᠲᠤ ᠨᠢᠭᠡᠴᠡ ᠪᠠᠷ ᠢᠶᠠᠨ 1 ᠤᠳᠠᠭ᠎ᠠ ᠭᠤᠷᠪᠠᠳᠤᠭᠠᠷ ᠳᠡᠰ ᠤᠨ ᠭᠠᠪᠢᠶ᠎ᠠ | ᠪᠠᠶᠢᠭᠤᠯᠤᠭᠰᠠᠨ ᠢᠶᠠᠷ ᠪᠠᠷᠠᠬᠤ ᠦᠭᠡᠢ ᠲᠤᠰ ᠶᠡᠭᠡ ᠠᠩᠭᠢ ᠶᠢᠨ 2 ᠵᠢᠯᠣᠭᠤᠳᠤᠭᠴᠢ ᠪᠠᠶᠢᠯᠳᠤᠭᠴᠢ ᠬᠤᠪᠢ | ᠬᠥᠮᠥᠨ ᠤ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ 38 ᠵᠢᠯᠣᠭᠤᠳᠤᠭᠴᠢ ᠪᠠᠶᠢᠯᠳᠤᠭᠴᠢ ᠬᠤᠪᠢ ᠬᠥᠮᠥᠨ ᠤ | ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠪᠠᠶᠢᠨ᠎ᠠ᠃ 2014 ᠣᠨ ᠳᠤ᠂ ᠪᠠᠷᠠᠭᠤᠨ ᠦᠵᠦᠮᠦᠴᠢᠨ | ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ ᠵᠢᠯᠣᠭᠤᠳᠤᠭᠴᠢ ᠪᠠᠶᠢᠭᠰᠠᠨ | ᠸᠠᠩ ᠶᠦᠩ ᠱᠧᠩ ᠨᠥᠬᠦᠷ ᠪᠦᠬᠦ ᠤᠯᠤᠰ ᠤᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠬᠠᠮᠲᠤ ᠶᠢᠨ | ᠲᠥᠯᠥᠭᠡᠯᠡᠭᠴᠢ ᠶᠢᠨ ᠬᠤᠪᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠠᠭᠤᠯᠵᠠᠯᠲᠠ ᠶᠢ ᠬᠦᠯᠢᠶᠡᠵᠡᠢ᠃ | | ᠳᠥᠴᠢ ᠰᠢᠬᠠᠮ ᠵᠢᠯ ᠤᠨ ᠲᠤᠷᠰᠢ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠠᠮᠤᠷ ᠳᠦᠪᠰᠢᠨ ᠢ | ᠬᠠᠮᠠᠭᠠᠯᠠᠭᠰᠠᠭᠠᠷ ᠢᠷᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ | ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠠᠯ᠎ᠠ ᠨᠤᠲᠤᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠨᠢᠭᠡᠳᠦᠭᠡᠷ ᠹᠷᠣᠨᠲ ᠢᠶᠠᠷ ᠬᠥᠯᠥᠭ ᠤᠨ ᠰᠢᠨᠳᠠᠰᠤ᠂ ᠮᠠᠰᠢᠨ ᠤ ᠡᠷᠴᠢ ᠶᠢ ᠰᠢᠯᠭᠠᠨ ᠤᠷᠤᠭᠰᠢᠯᠠᠵᠤ᠂ ᠲᠠᠯ᠎ᠠ | ᠨᠤᠲᠤᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠢ ᠨᠡᠭᠡᠭᠡᠨ ᠬᠥᠭᠵᠢᠭᠦᠯᠵᠦ᠂ ᠤᠷᠢᠳ ᠬᠤᠵᠢᠳ ︽ | 2.8︾ ᠤ ᠪᠠᠶᠠᠨᠬᠤᠸᠠ ᠠᠴᠠ ᠬᠤᠤᠯᠢᠩᠭᠤᠣᠯ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠴᠠᠰᠤ | ᠰᠢᠭᠤᠷᠭ᠎ᠠ ᠠᠴᠠ ᠠᠪᠤᠷᠠᠨ ᠲᠤᠰᠠᠯᠠᠬᠤ᠂ ︽2.24︾ ᠤ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠤ | ᠺᠣᠮᠫᠠᠨᠢ ᠶᠢᠨ ᠨᠡᠭᠦᠷᠡᠰᠦ ᠳᠠᠮᠵᠢᠭᠤᠯᠬᠤ ᠬᠥᠭᠦᠷᠭᠡ ᠶᠢᠨ ᠭᠠᠯ ᠤᠨ ᠭᠠᠮᠰᠢᠭ ᠠᠴᠠ ᠠᠪᠤᠷᠠᠨ ᠲᠤᠰᠠᠯᠠᠬᠤ ᠵᠡᠷᠭᠡ | 1800 ᠭᠠᠷᠤᠢ ᠤᠳᠠᠭᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ | ᠡᠯ᠎ᠡ ᠲᠥᠷᠥᠯ ᠤᠨ ᠡᠭᠦᠷᠭᠡ ᠭᠦᠢᠴᠡᠳᠬᠡᠵᠦ ᠬᠠᠮᠠᠭᠠᠯᠠᠬᠤ ᠠᠵᠢᠯ ᠢ 800 ᠭᠠᠷᠤᠢ ᠤᠳᠠᠭ᠎ᠠ ᠪᠡᠶᠡᠯᠡᠭᠦᠯᠵᠦ᠂ | ᠠᠶᠤᠯ ᠳᠤ ᠤᠴᠠᠷᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ 3000 ᠭᠠᠷᠤᠢ ᠣᠯᠠᠨ ᠲᠦᠮᠡᠨ ᠢ | ᠠᠮᠵᠢᠯᠲᠠ ᠲᠠᠢ ᠪᠠᠷ ᠠᠪᠤᠷᠠᠨ ᠲᠤᠰᠠᠯᠠᠵᠠᠢ᠃ ᠲᠠᠯ᠎ᠠ ᠨᠤᠲᠤᠭ ᠤᠨ ᠪᠣᠳᠠᠲᠤ ᠪᠠᠶᠢᠳᠠᠯ ᠠᠴᠠ ᠡᠭᠦᠰᠴᠦ᠂ ᠡᠯ᠎ᠡ | ᠦᠨᠳᠦᠰᠦᠲᠡᠨ ᠤ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ︽ᠮᠣᠷᠢᠲᠠᠨ ᠴᠠᠭᠳᠠᠭᠴᠢ︾ ᠪᠠ ᠭᠠᠯ | ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠴᠢ ᠪᠠᠷ ᠠᠵᠢᠯᠯᠠᠭᠤᠯᠤᠨ᠂ ᠮᠠᠯᠵᠢᠬᠤ ᠣᠷᠣᠨ ᠳᠤ ᠭᠦᠨᠵᠡᠭᠡᠶᠢᠷᠡᠨ ᠭᠠᠯ | ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ 13000 ᠭᠠᠷᠤᠢ ᠤᠳᠠᠭ᠎ᠠ ᠥᠷᠨᠢᠭᠦᠯᠵᠦ᠂ ᠥᠪᠡᠷᠲᠡᠭᠡᠨ | ᠰᠡᠷᠭᠡᠶᠢᠯᠡᠵᠦ ᠥᠪᠡᠷᠲᠡᠭᠡᠨ ᠠᠪᠤᠷᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠪᠠᠷ ᠡᠵᠡᠮᠳᠡᠬᠦ ᠶᠢ ᠬᠠᠷᠢᠯᠴᠠᠨ | ᠤᠶᠠᠯᠳᠤᠭᠤᠯᠤᠭᠰᠠᠨ ᠲᠠᠯ᠎ᠠ ᠨᠤᠲᠤᠭ ᠤᠨ ᠮᠠᠯᠵᠢᠬᠤ ᠣᠷᠣᠨ ᠤ ᠭᠠᠯ ᠤᠨᠲᠠᠷᠠᠭᠠᠬᠤ ᠵᠠᠰᠠᠯᠲᠠ ᠶᠢᠨ ᠰᠢᠨ᠎ᠡ ᠬᠡᠪ | ᠵᠠᠭᠪᠤᠷ ᠢ ᠪᠤᠢ ᠪᠣᠯᠭᠠᠪᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠳᠬᠦᠯ ᠴᠢᠷᠮᠠᠶᠢᠯᠭ᠎ᠠ ᠪᠠᠷ | ᠂ 2017 ︱ 2021 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠤᠨ ᠭᠠᠯ | ᠲᠦᠢᠮᠡᠷ ᠤᠨ ᠠᠳᠡᠯ ᠭᠠᠷᠬᠤ ᠨᠣᠷᠮ᠎ᠠ 50% ᠠᠴᠠ ᠳᠡᠭᠡᠭᠰᠢ ᠪᠠᠭᠤᠷᠠᠵᠤ᠂ 16 ᠵᠢᠯ ᠳᠠᠷᠠᠭᠠᠯᠠᠨ ᠨᠡᠯᠢᠶᠡᠳ | ᠬᠥᠨᠳᠥ ᠭᠠᠯ ᠲᠦᠢᠮᠡᠷ ᠤᠨ ᠠᠳᠡᠯ ᠭᠠᠷᠤᠭᠰᠠᠨ ᠦᠭᠡᠢ᠃ ᠶᠡᠭᠡ ᠠᠩᠭᠢ ᠨᠢ ᠪᠠᠰᠠ 2007 ᠣᠨ ᠠᠴᠠ 15 ᠵᠢᠯ | ᠳᠠᠷᠠᠭᠠᠯᠠᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠ ᠬᠠᠨᠳᠢᠪ ᠴᠤᠭᠯᠠᠭᠤᠯᠬᠤ ᠬᠡᠯᠪᠡᠷᠢ ᠪᠠᠷ | ᠬᠦᠴᠢᠷᠳᠡᠯᠲᠡᠢ ᠰᠤᠷᠤᠭᠴᠢᠳ ᠢ ᠳᠡᠳᠬᠦᠨ᠂ ᠨᠡᠶᠢᠲᠡ ᠳᠥᠴᠢᠨ ᠲᠦᠮᠡᠨ ᠲᠥᠭᠦᠷᠢᠭ ᠰᠢᠬᠠᠮ ᠵᠣᠭᠤᠰ ᠮᠥᠩᠭᠦ | ᠪᠣᠯᠣᠨ 1500 ᠭᠠᠷᠤᠢ ᠵᠦᠢᠯ ︵ᠢᠵᠢ︶ ᠤᠨ ᠡᠳ᠋ ᠪᠣᠳᠠᠰ ᠬᠠᠨᠳᠢᠪᠯᠡᠵᠤ᠂ 45 ᠶᠠᠳᠠᠭᠤ ᠬᠦᠴᠢᠷᠳᠡᠯᠲᠡᠢ | ᠰᠤᠷᠤᠭᠴᠢ ᠶᠢᠨ ᠠᠮᠵᠢᠯᠲᠠ ᠲᠠᠢ ᠪᠠᠷ ᠰᠤᠷᠤᠯᠭ᠎ᠠ ᠪᠠᠨ ᠲᠡᠭᠦᠰᠬᠡᠬᠦ ᠳᠤ ᠨᠢ ᠲᠤᠰᠠᠯᠠᠵᠠᠢ᠃ | 39 ᠵᠢᠯ ᠤᠨ ᠲᠤᠷᠰᠢ᠂ ᠡᠬᠡ ᠤᠯᠤᠰ ᠤᠨ ᠤᠮᠠᠷᠠᠲᠤ ᠬᠢᠯᠢ ᠶᠢᠨ ᠦᠵᠦᠮᠦᠴᠢᠨ ᠤ ᠲᠠᠯ᠎ᠠ ᠨᠤᠲᠤᠭ ᠲᠤ | ᠦᠨᠳᠦᠰᠦᠯᠡᠵᠦ᠂ ᠲᠠᠯ᠎ᠠ ᠨᠤᠲᠤᠭ ᠤᠨ ᠠᠮᠤᠷ ᠲᠠᠶᠢᠪᠤᠩ ᠢ ᠬᠠᠮᠠᠭᠠᠯᠠᠭᠰᠠᠭᠠᠷ ᠢᠷᠡᠭᠰᠡᠨ ᠪᠠᠷᠠᠭᠤᠨ ᠦᠵᠦᠮᠦᠴᠢᠨ | ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠨᠢ | ᠬᠠᠷᠢᠭᠤᠴᠠᠯᠭ᠎ᠠ ᠡᠭᠦᠷᠭᠡᠯᠡᠬᠦ ᠪᠠ ᠬᠤᠪᠢ ᠨᠡᠮᠡᠷᠢ ᠦᠵᠡᠭᠦᠯᠬᠦ ᠪᠣᠳᠠᠲᠤ ᠠᠵᠢᠯᠯᠠᠭᠠᠪᠡᠷ ᠢᠶᠠᠨ ᠶᠡᠷᠦᠩᠬᠡᠢ ᠱᠦᠵᠢ | ᠰᠢ ᠶᠢᠨ ᠫᠢᠩ ᠤᠨ ︽ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠲᠦᠭᠰᠢᠭᠦᠷᠢ ᠲᠠᠢ | ᠵᠣᠷᠢᠭᠲᠠᠢ ᠪᠠᠶᠢᠯᠳᠤᠬᠤ᠂ ᠠᠷᠠᠳ ᠲᠦᠮᠡᠨ ᠤ ᠲᠥᠯᠥᠭᠡ ᠦᠨᠡᠨᠴᠢ ᠪᠠᠷ ᠵᠢᠳᠬᠦᠬᠦ︾ ᠰᠤᠷᠭᠠᠯ ᠦᠭᠡ ᠶᠢᠨ | ᠱᠠᠭᠠᠷᠳᠠᠯᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ ᠶᠠᠪᠤᠨ᠎ᠠ᠃ ᠲᠠᠳᠠ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠪᠠ ᠠᠷᠠᠳ ᠲᠦᠮᠡᠨ ᠳᠡᠭᠡᠨ ᠦᠨᠡᠨᠴᠢ ᠪᠠᠷ ᠵᠢᠳᠬᠦᠨ ᠂ | ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ | ᠪᠦᠯᠬᠦᠮᠳᠡᠨ ᠲᠡᠮᠡᠴᠡᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠭᠠᠯ ᠤᠨᠲᠠᠷᠠᠭᠠᠬᠤ ᠠᠮᠤᠷ ᠲᠦᠪᠰᠢᠨ ᠤ | ᠬᠠᠯᠬᠠᠪᠴᠢ ᠶᠢ ᠴᠣᠭᠴᠠᠯᠠᠨ ᠪᠠᠶᠢᠭᠤᠯᠵᠤ ᠪᠠᠶᠢᠨ᠎ᠠ᠃ |