ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ ᠪᠠᠷᠠᠭᠤᠨ ᠦᠵᠦᠮᠦᠴᠢᠨ ᠬᠤᠰᠢᠭᠤ ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠪᠣᠯᠪᠠᠰᠤᠷᠠᠯ ᠡᠷᠬᠢ᠊
ᠨᠡᠶᠢᠲᠡᠯᠡᠭᠰᠡᠨ ᠴᠠᠭ᠄
2024/5/27
     ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ  ᠤᠯᠤᠰ ᠲᠥᠷᠥ ᠶᠢᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠤᠰᠠᠳᠠ᠂ 5 ᠰᠠᠷ᠎ᠠ ᠶᠢᠨ 20᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠳᠤᠮᠳᠠᠳᠤ ᠶᠢᠨ ᠦᠨᠳᠦᠰᠦᠲᠡᠨ ᠎ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠣᠰᠬᠠᠢ ᠰᠡᠳᠦᠪᠲᠦ ᠪᠣᠯᠪᠠᠰᠤᠷᠠᠯ ᠡᠷᠬᠢᠯᠡᠪᠡ᠃ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠥᠬᠦ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠳᠤ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠬᠢᠭᠡᠳ ᠰᠣᠶᠣᠯ ᠤᠨ ᠵᠢᠭᠠᠬᠤ ᠶᠢ ᠰᠤᠳᠤᠯᠬᠤ ᠬᠡᠯᠲᠡᠰ ᠤᠨ ᠡᠷᠬᠢᠯᠡᠭᠴᠢ᠂ ᠫᠷᠤᠹᠧᠰᠰᠤᠷ ᠡᠷᠳᠡᠨᠢᠪᠠᠶᠠᠷ ᠢ ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠰᠡᠳᠦᠪ ᠢᠶᠠᠷ ᠲᠤᠰᠬᠠᠢ ᠬᠢᠴᠢᠶᠡᠯ ᠤᠷᠤᠭᠤᠯᠵᠤ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂  ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠨᠢ ᠮᠠᠰᠢ ᠴᠢᠩᠭ᠎ᠠ ᠣᠨᠣᠯ ᠪᠠ ᠦᠢᠯᠡᠳᠦᠯᠭᠡ ᠶᠢᠨ ᠵᠢᠯᠣᠭᠤᠳᠤᠯᠭ᠎ᠠ ᠬᠠᠩᠭᠠᠵᠠᠢ᠃      ᠪᠣᠯᠪᠠᠰᠤᠷᠠᠯ ᠠᠴᠠ ᠱᠠᠭᠠᠷᠳᠠᠭᠰᠠᠨ ᠨᠢ      ᠨᠢᠭᠡ ᠳᠤ᠂ ᠦᠷᠭᠦᠯᠵᠢᠯᠡᠨ ᠭᠦᠨᠵᠡᠭᠡᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠲᠥᠯᠥᠭᠡᠯᠡᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠎ ᠤ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠶᠡᠬᠡᠪᠡᠷ ᠤᠬᠠᠭᠤᠯᠤᠨ ᠲᠠᠨᠢᠯᠴᠠᠭᠤᠯᠬᠤ ᠬᠡᠷᠡᠭᠲᠡᠢ᠃ ᠭᠤᠷᠪᠠ ᠳᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠᠷ ᠰᠡᠳᠬᠢᠯ ᠲᠠᠯᠪᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠪᠦᠭᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠪᠣᠯᠪᠠᠰᠤᠷᠠᠯ ᠤᠨ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠬᠢᠭᠡᠳ ᠦᠢᠯᠡᠳᠦᠯᠭᠡ ᠶᠢᠨ ᠦᠵᠡᠭᠦᠯᠭᠡ ᠶᠢᠨ ᠲᠠᠩᠬᠢᠮ ᠪᠣᠯᠣᠨ ᠬᠤᠰᠢᠭᠤ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠥᠪ ᠢ ᠲᠣᠭᠤᠷᠢᠨ ᠦᠵᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号