ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ ︱ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ
ᠨᠡᠶᠢᠲᠡᠯᠡᠭᠰᠡᠨ ᠴᠠᠭ᠄
2024/5/27
        ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ 1985 ᠣᠨ ᠳᠤ ᠪᠠᠶᠢᠭᠤᠯᠤᠭᠳᠠᠭᠰᠠᠨ ᠠᠴᠠ ᠨᠠᠰᠢᠬᠢ 39 ᠵᠢᠯ ᠤᠨ ᠲᠤᠷᠰᠢ᠂ ᠤᠷᠢᠳ ᠬᠤᠵᠢᠳ ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠵᠶ᠊ ‍ᠠᠨ ᠬᠠᠶᠢᠷᠠᠯᠠᠭᠰᠠᠨ ᠵᠢᠱᠢᠶᠡᠴᠢ ᠬᠠᠮᠲᠤ ᠨᠢᠭᠡᠴᠡ︾ ︽ᠪᠥᠬᠦ ᠤᠯᠤᠰ ᠤᠨ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠰᠢᠯᠢᠳᠡᠭ ᠨᠢᠭᠡᠴᠡ︾ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ︾ ︽ᠪᠥᠬᠦ ᠣᠷᠣᠨ ᠤ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠤᠨ ᠲᠡᠮᠳᠡᠭᠲᠦ ᠬᠠᠮᠲᠤ ᠨᠢᠭᠡᠴᠡ︾ ᠵᠡᠷᠭᠡ ᠢᠷᠠᠭᠤ ᠠᠯᠳᠠᠷ ᠢ ᠭᠥᠷᠳᠡᠵᠦ᠂ ᠬᠠᠮᠲᠤ ᠨᠢᠭᠡᠴᠡ ᠪᠠᠷ ᠢᠶᠠᠨ 1 ᠤᠳᠠᠭ᠎ᠠ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠢᠶᠠᠷ ᠪᠠᠷᠠᠬᠤ ᠦᠭᠡᠢ ᠲᠤᠰ ᠶᠡᠭᠡ ᠠᠩᠭᠢ ᠶᠢᠨ 2 ᠵᠢᠯᠣᠭᠤᠳᠤᠭᠴᠢ ᠪᠠᠶᠢᠯᠳᠤᠭᠴᠢ ᠬᠤᠪᠢ ᠬᠥᠮᠥᠨ ᠤ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ 38 ᠵᠢᠯᠣᠭᠤᠳᠤᠭᠴᠢ ᠪᠠᠶᠢᠯᠳᠤᠭᠴᠢ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠪᠠᠶᠢᠨ᠎ᠠ᠃ 2014 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ ᠵᠢᠯᠣᠭᠤᠳᠤᠭᠴᠢ ᠪᠠᠶᠢᠭᠰᠠᠨ ᠸᠠᠩ ᠶᠦᠩ ᠱᠧᠩ ᠨᠥᠬᠦᠷ ᠪᠦᠬᠦ ᠤᠯᠤᠰ ᠤᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠬᠠᠮᠲᠤ ᠶᠢᠨ ᠲᠥᠯᠥᠭᠡᠯᠡᠭᠴᠢ ᠶᠢᠨ ᠬᠤᠪᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠠᠭᠤᠯᠵᠠᠯᠲᠠ ᠶᠢ ᠬᠦᠯᠢᠶᠡᠵᠡᠢ᠃        ᠳᠥᠴᠢ ᠰᠢᠬᠠᠮ ᠵᠢᠯ ᠤᠨ ᠲᠤᠷᠰᠢ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠠᠮᠤᠷ ᠳᠦᠪᠰᠢᠨ ᠢ ᠬᠠᠮᠠᠭᠠᠯᠠᠭᠰᠠᠭᠠᠷ ᠢᠷᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠮᠣᠩᠭᠤᠯ ᠮᠣᠷᠢᠨ ᠤ ᠵᠣᠷᠢᠭ ᠰᠠᠨᠠᠭ᠎ᠠ  ᠶᠢ ᠤᠯᠠᠮᠵᠢᠯᠠᠨ    ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠠᠯ᠎ᠠ ᠨᠤᠲᠤᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠨᠢᠭᠡᠳᠦᠭᠡᠷ ᠹᠷᠣᠨᠲ ᠢᠶᠠᠷ ᠬᠥᠯᠥᠭ ᠤᠨ ᠰᠢᠨᠳᠠᠰᠤ᠂ ᠮᠠᠰᠢᠨ ᠤ ᠡᠷᠴᠢ ᠶᠢ ᠰᠢᠯᠭᠠᠨ ᠤᠷᠤᠭᠰᠢᠯᠠᠵᠤ᠂ ᠲᠠᠯ᠎ᠠ ᠨᠤᠲᠤᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠢ ᠨᠡᠭᠡᠭᠡᠨ ᠬᠥᠭᠵᠢᠭᠦᠯᠵᠦ᠂ ᠤᠷᠢᠳ ᠬᠤᠵᠢᠳ ︽2.8︾᠎ ᠤ ᠪᠠᠶᠠᠨᠬᠤᠸᠠ ᠠᠴᠠ ᠬᠤᠤᠯᠢᠩᠭᠤᠣᠯ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠴᠠᠰᠤ ᠰᠢᠭᠤᠷᠭ᠎ᠠ ᠠᠴᠠ ᠠᠪᠤᠷᠠᠨ ᠲᠤᠰᠠᠯᠠᠬᠤ᠂ ︽2.24︾᠎ ᠤ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠳᠠᠮᠵᠢᠭᠤᠯᠬᠤ ᠬᠥᠭᠦᠷᠭᠡ ᠶᠢᠨ ᠭᠠᠯ ᠤᠨ ᠭᠠᠮᠰᠢᠭ ᠠᠴᠠ ᠠᠪᠤᠷᠠᠨ ᠲᠤᠰᠠᠯᠠᠬᠤ ᠵᠡᠷᠭᠡ 1800 ᠭᠠᠷᠤᠢ ᠤᠳᠠᠭᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠡᠯ᠎ᠡ ᠲᠥᠷᠥᠯ ᠤᠨ ᠡᠭᠦᠷᠭᠡ ᠭᠦᠢᠴᠡᠳᠬᠡᠵᠦ ᠬᠠᠮᠠᠭᠠᠯᠠᠬᠤ ᠠᠵᠢᠯ ᠢ 800 ᠭᠠᠷᠤᠢ ᠤᠳᠠᠭ᠎ᠠ ᠪᠡᠶᠡᠯᠡᠭᠦᠯᠵᠦ᠂ ᠠᠶᠤᠯ ᠳᠤ ᠤᠴᠠᠷᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ 3000 ᠭᠠᠷᠤᠢ ᠣᠯᠠᠨ ᠲᠦᠮᠡᠨ ᠢ ᠠᠮᠵᠢᠯᠲᠠ ᠲᠠᠢ ᠪᠠᠷ ᠠᠪᠤᠷᠠᠨ ᠲᠤᠰᠠᠯᠠᠵᠠᠢ᠃  ᠲᠠᠯ᠎ᠠ ᠨᠤᠲᠤᠭ  ᠤᠨ ᠪᠣᠳᠠᠲᠤ ᠪᠠᠶᠢᠳᠠᠯ ᠠᠴᠠ ᠡᠭᠦᠰᠴᠦ᠂ ᠡᠯ᠎ᠡ ᠦᠨᠳᠦᠰᠦᠲᠡᠨ ᠤ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ︽ᠮᠣᠷᠢᠲᠠᠨ ᠴᠠᠭᠳᠠᠭᠴᠢ︾ ᠪᠠ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠴᠢ ᠪᠠᠷ ᠠᠵᠢᠯᠯᠠᠭᠤᠯᠤᠨ᠂ ᠮᠠᠯᠵᠢᠬᠤ ᠣᠷᠣᠨ ᠳᠤ ᠭᠦᠨᠵᠡᠭᠡᠶᠢᠷᠡᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ 13000 ᠭᠠᠷᠤᠢ ᠤᠳᠠᠭ᠎ᠠ ᠥᠷᠨᠢᠭᠦᠯᠵᠦ᠂ ᠥᠪᠡᠷᠲᠡᠭᠡᠨ ᠰᠡᠷᠭᠡᠶᠢᠯᠡᠵᠦ ᠥᠪᠡᠷᠲᠡᠭᠡᠨ ᠠᠪᠤᠷᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠪᠠᠷ ᠡᠵᠡᠮᠳᠡᠬᠦ ᠶᠢ ᠬᠠᠷᠢᠯᠴᠠᠨ ᠤᠶᠠᠯᠳᠤᠭᠤᠯᠤᠭᠰᠠᠨ ᠲᠠᠯ᠎ᠠ ᠨᠤᠲᠤᠭ  ᠤᠨ ᠮᠠᠯᠵᠢᠬᠤ ᠣᠷᠣᠨ ᠤ ᠭᠠᠯ  ᠤᠨᠲᠠᠷᠠᠭᠠᠬᠤ ᠵᠠᠰᠠᠯᠲᠠ ᠶᠢᠨ ᠰᠢᠨ᠎ᠡ ᠬᠡᠪ ᠵᠠᠭᠪᠤᠷ ᠢ ᠪᠤᠢ ᠪᠣᠯᠭᠠᠪᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠳᠬᠦᠯ     ᠴᠢᠷᠮᠠᠶᠢᠯᠭ᠎ᠠ ᠪᠠᠷ᠂ 2017 ︱ 2021 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠳᠡᠯ ᠭᠠᠷᠬᠤ ᠨᠣᠷᠮ᠎ᠠ 50%᠎ ᠠᠴᠠ ᠳᠡᠭᠡᠭᠰᠢ ᠪᠠᠭᠤᠷᠠᠵᠤ᠂ 16 ᠵᠢᠯ ᠳᠠᠷᠠᠭᠠᠯᠠᠨ ᠨᠡᠯᠢᠶᠡᠳ ᠬᠥᠨᠳᠥ ᠭᠠᠯ ᠲᠦᠢᠮᠡᠷ ᠤᠨ ᠠᠳᠡᠯ ᠭᠠᠷᠤᠭᠰᠠᠨ ᠦᠭᠡᠢ᠃ ᠶᠡᠭᠡ ᠠᠩᠭᠢ ᠨᠢ ᠪᠠᠰᠠ 2007 ᠣᠨ ᠠᠴᠠ 15 ᠵᠢᠯ ᠳᠠᠷᠠᠭᠠᠯᠠᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠ ᠬᠠᠨᠳᠢᠪ ᠴᠤᠭᠯᠠᠭᠤᠯᠬᠤ ᠬᠡᠯᠪᠡᠷᠢ ᠪᠠᠷ ᠬᠦᠴᠢᠷᠳᠡᠯᠲᠡᠢ ᠰᠤᠷᠤᠭᠴᠢᠳ ᠢ ᠳᠡᠳᠬᠦᠨ᠂ ᠨᠡᠶᠢᠲᠡ ᠳᠥᠴᠢᠨ ᠲᠦᠮᠡᠨ ᠲᠥᠭᠦᠷᠢᠭ ᠰᠢᠬᠠᠮ ᠵᠣᠭᠤᠰ ᠮᠥᠩᠭᠦ  ᠪᠣᠯᠣᠨ 1500 ᠭᠠᠷᠤᠢ ᠵᠦᠢᠯ ︵ᠢᠵᠢ︶᠎ ᠤᠨ ᠡᠳ᠋ ᠪᠣᠳᠠᠰ ᠬᠠᠨᠳᠢᠪᠯᠡᠵᠤ᠂ 45 ᠶᠠᠳᠠᠭᠤ ᠬᠦᠴᠢᠷᠳᠡᠯᠲᠡᠢ ᠰᠤᠷᠤᠭᠴᠢ ᠶᠢᠨ ᠠᠮᠵᠢᠯᠲᠠ ᠲᠠᠢ ᠪᠠᠷ ᠰᠤᠷᠤᠯᠭ᠎ᠠ ᠪᠠᠨ ᠲᠡᠭᠦᠰᠬᠡᠬᠦ ᠳᠤ ᠨᠢ ᠲᠤᠰᠠᠯᠠᠵᠠᠢ᠃      39 ᠵᠢᠯ ᠤᠨ ᠲᠤᠷᠰᠢ᠂ ᠡᠬᠡ ᠤᠯᠤᠰ ᠤᠨ ᠤᠮᠠᠷᠠᠲᠤ ᠬᠢᠯᠢ ᠶᠢᠨ ᠦᠵᠦᠮᠦᠴᠢᠨ ᠤ ᠲᠠᠯ᠎ᠠ ᠨᠤᠲᠤᠭ ᠲᠤ ᠦᠨᠳᠦᠰᠦᠯᠡᠵᠦ᠂ ᠲᠠᠯ᠎ᠠ ᠨᠤᠲᠤᠭ ᠤᠨ ᠠᠮᠤᠷ ᠲᠠᠶᠢᠪᠤᠩ ᠢ ᠬᠠᠮᠠᠭᠠᠯᠠᠭᠰᠠᠭᠠᠷ ᠢᠷᠡᠭᠰᠡᠨ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠨᠢ ᠬᠠᠷᠢᠭᠤᠴᠠᠯᠭ᠎ᠠ ᠡᠭᠦᠷᠭᠡᠯᠡᠬᠦ ᠪᠠ ᠬᠤᠪᠢ ᠨᠡᠮᠡᠷᠢ ᠦᠵᠡᠭᠦᠯᠬᠦ  ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠲᠦᠭᠰᠢᠭᠦᠷᠢ ᠲᠠᠢ ᠵᠣᠷᠢᠭᠲᠠᠢ ᠪᠠᠶᠢᠯᠳᠤᠬᠤ᠂ ᠠᠷᠠᠳ ᠲᠦᠮᠡᠨ ᠤ ᠲᠥᠯᠥᠭᠡ ᠦᠨᠡᠨᠴᠢ ᠪᠠᠷ ᠵᠢᠳᠬᠦᠬᠦ︾ ᠰᠤᠷᠭᠠᠯ ᠦᠭᠡ ᠶᠢᠨ ᠱᠠᠭᠠᠷᠳᠠᠯᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ ᠶᠠᠪᠤᠨ᠎ᠠ᠃ ᠲᠠᠳᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠪᠠ ᠠᠷᠠᠳ ᠲᠦᠮᠡᠨ ᠳᠡᠭᠡᠨ ᠦᠨᠡᠨᠴᠢ ᠪᠠᠷ ᠵᠢᠳᠬᠦᠨ  ᠂ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠵᠦ᠂ ︽ᠲᠠᠪᠤᠨ ᠶᠡᠭᠡ ᠡᠭᠦᠷᠭᠡ︾᠎ ᠶᠢ ᠰᠠᠶᠢᠲᠤᠷ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠭᠠᠯ ᠤᠨᠲᠠᠷᠠᠭᠠᠬᠤ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号