ᠪᠠᠷᠠᠭᠤᠨ ᠦᠵᠦᠮᠦᠴᠢᠨ ᠬᠤᠰᠢᠭᠤ ᠨᠢ ᠬᠤᠶᠠᠷ ᠰᠤᠷᠭᠠᠭᠤᠯᠢ ᠶᠢᠨ ᠣᠶᠢᠷ᠎ᠠ ᠬᠠᠪᠢ ᠳᠤ ᠲᠡᠷᠭᠡᠨ ᠵᠤᠭᠰᠤᠭᠠᠯ ᠪᠠᠶᠢᠭᠤᠯᠵᠦ ᠪᠤᠢ
ᠨᠡᠶᠢᠲᠡᠯᠡᠭᠰᠡᠨ ᠴᠠᠭ᠄
2024/5/27
                                               ᠪᠠᠷᠠᠭᠤᠨ ᠦᠵᠦᠮᠦᠴᠢᠨ ᠬᠤᠰᠢᠭᠤ ᠨᠢ ᠳᠥᠷᠪᠡᠳᠦᠭᠡᠷ ᠪᠠᠭ᠎ᠠ ᠰᠤᠷᠭᠠᠭᠤᠯᠢ ᠪᠠ ᠬᠤᠰᠢᠭᠤ  ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠷᠭᠡᠨ ᠵᠤᠭᠰᠤᠭᠠᠯ ᠪᠠᠶᠢᠭᠤᠯᠵᠦ ᠪᠤᠢ  ᠃    
         ᠳᠥᠷᠪᠡᠳᠦᠭᠡᠷ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠶᠢᠨ ᠨᠠᠰᠢ ᠴᠠᠰᠢ ᠶᠠᠪᠤᠬᠤ ᠲᠡᠷᠭᠡ ᠨᠡᠯᠢᠶᠡᠳ ᠣᠯᠠᠨ᠂ ᠲᠡᠷᠭᠡ ᠵᠣᠭᠰᠣᠬᠤ ᠭᠠᠵᠠᠷ ᠳᠤᠲᠠᠭᠳᠠᠵᠤ᠂ ᠰᠤᠷᠭᠠᠭᠤᠯᠢ ᠲᠠᠷᠬᠠᠬᠤ ᠦᠶ᠎ᠡ ᠳᠤ ᠭᠡᠷ ᠤᠨ ᠠᠬᠠᠮᠠᠳ ᠲᠡᠷᠭᠡ ᠵᠣᠭᠰᠣᠬᠤ ᠭᠠᠵᠠᠷ ᠤᠯᠬᠤ ᠳᠤ ᠨᠡᠯᠢᠶᠡᠳ ᠬᠦᠴᠢᠷᠲᠡᠶ ᠪᠠᠶᠢᠳᠠᠭ᠃ ᠡᠨᠡᠬᠦ ᠪᠠᠶᠢᠳᠠᠯ ᠳᠤ ᠴᠢᠭᠯᠡᠬᠦᠯᠥᠨ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠠᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠠᠴᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠲᠤᠨᠢ ᠲᠥᠯᠥᠪᠵᠢᠭᠦᠯᠭᠡ ᠬᠢᠵᠦ᠂ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠤᠶᠢᠲᠤ ᠲᠠᠯ᠎ᠠ ᠶᠢᠨ  ᠤᠤᠯ ᠤᠨ ᠪᠠᠶᠢᠭᠰᠠᠨ 2800 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠥᠭᠡᠷᠡᠴᠢᠯᠡᠨ ᠪᠠᠶᠢᠭᠤᠯᠵᠤ᠂ ᠡᠮᠦᠨ᠎ᠡ ᠲᠠᠯ᠎ᠠ ᠶᠢᠨ 2300 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠲᠠᠯᠠᠪᠠᠶ ᠨᠢ 5100 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠤᠨ ᠪᠠᠶᠢᠷᠢ ᠶᠢ ᠵᠠᠭᠠᠭᠯᠠᠨ ᠭᠠᠷᠭᠠᠬᠤ ᠪᠠᠷ ᠲᠥᠯᠥᠪᠯᠡᠵᠦ ᠪᠠᠷᠢᠯᠭ᠎ᠠ ᠨᠢᠭᠡᠨᠳᠡ ᠡᠬᠢᠯᠡᠭᠰᠡᠨ ᠪᠠᠶᠢᠨ᠎ᠠ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ︽ᠲᠣᠰ ᠪᠠᠷᠢᠯᠭ᠎ᠠ ᠶᠢ 5 ᠰᠠᠷ᠎ᠠ ᠶᠢᠨ 15 ᠤ ᠡᠳᠦᠷ ᠠᠴᠠ ᠡᠬᠢᠯᠡᠨ ᠪᠠᠶᠢᠭᠤᠯᠵᠤ ᠂ ᠣᠲᠣ ᠶᠠᠭ ᠪᠠᠷᠢᠯᠭ᠎ᠠ ᠶᠢᠨ ᠬᠤᠶᠢᠲᠤ ᠲᠠᠯ᠎ᠠ ᠶᠢᠨ  ᠤᠤᠯ ᠤᠨ ᠪᠠᠶᠢᠭᠰᠠᠨ ᠲᠡᠷᠭᠡᠨ ᠵᠣᠭᠰᠣᠭᠠᠯ ᠢ 6 ᠰᠠᠷ᠎ᠠ ᠶᠢᠨ 1 ᠤ ᠡᠳᠦᠷ ᠠᠴᠠ ᠡᠬᠢᠯᠡᠨ ᠠᠰᠢᠭᠯᠠᠯᠲᠠ ᠳᠤ ᠣᠷᠣᠭᠤᠯᠵᠤ᠂ ᠡᠮᠦᠨ᠎ᠡ ᠲᠠᠯ᠎ᠠ ᠶᠢᠨ ᠰᠢᠨ᠎ᠡ ᠪᠠᠷ ᠪᠠᠶᠢᠭᠤᠯᠤᠭᠰᠠᠨ ᠲᠡᠷᠭᠡᠨ ᠵᠣᠭᠰᠣᠭᠠᠯ ᠢ 6 ᠰᠠᠷ᠎ᠠ ᠶᠢᠨ 15 ᠤ ᠡᠳᠦᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠲᠡᠷᠭᠡᠨ ᠵᠣᠭᠰᠣᠭᠠᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠰᠤᠷᠭᠠᠭᠤᠯᠢ ᠶᠢᠨ ᠡᠷᠬᠢᠨ ᠲᠣᠭᠤᠷᠢᠨ ᠤ ᠲᠡᠷᠭᠡ ᠵᠣᠭᠰᠣᠭᠠᠬᠤ ᠳᠤ ᠬᠦᠴᠢᠷ᠂ ᠡᠮᠬᠢ ᠳᠢᠭᠯᠢᠮ  ᠦᠭᠡᠢ᠂᠂ ᠵᠠᠮ ᠬᠠᠷᠢᠯᠴᠠᠭ᠎ᠠ ᠲᠦᠭᠵᠢᠷᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠣᠯᠤᠨ᠎ᠠ ︾ ᠭᠡᠵᠡᠶ᠃ ᠡᠭᠦᠨ ᠠᠴᠠ ᠭᠠᠳᠠᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ ᠤᠨ ᠲᠠᠯᠠᠪᠠᠶ᠂ ᠬᠤᠳᠠᠯᠳᠤᠭᠠᠨ ᠤ ᠲᠣᠭᠤᠷᠢᠭ ᠵᠡᠷᠭᠡ ᠬᠥᠮᠦᠨ ᠣᠯᠠᠨ ᠲᠡᠷᠭᠡ ᠲᠥᠪᠯᠡᠷᠡᠭᠰᠡᠨ ᠭᠠᠵᠠᠷ ᠲᠤ ᠪᠠᠶᠢᠷᠢᠰᠢᠵᠤ᠂ ᠰᠤᠷᠭᠠᠭᠤᠯᠢ ᠶᠢᠨ ᠣᠶᠢᠷ᠎ᠠ ᠬᠠᠪᠢ ᠳᠤ ᠲᠡᠷᠭᠡ ᠵᠣᠭᠰᠣᠬᠤ ᠲᠠᠯᠠᠪᠠᠶ ᠪᠠᠶᠢᠬᠤ ᠥᠬᠡᠶ᠂ ᠡᠷᠲᠡ ᠣᠷᠣᠶ ᠶᠢᠨ  ᠰᠤᠷᠭᠠᠭᠤᠯᠢ ᠲᠠᠷᠬᠠᠬᠤ ᠦᠶ᠎ᠡ ᠳᠤ ᠲᠡᠷᠭᠡ ᠵᠣᠭᠰᠣᠭᠠᠬᠤ ᠳᠤ ᠬᠦᠴᠢᠷ᠂  ᠲᠤᠰᠴᠤ ᠬᠦᠷᠭᠡᠬᠦ ᠳᠤ ᠬᠦᠴᠢᠷ  ᠠᠰᠠᠭᠤᠳᠠᠯ ᠲᠤᠯᠭᠠᠷᠠᠭᠰᠠᠭᠠᠷ ᠢᠷᠡᠵᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ  ᠲᠤᠪᠴᠢᠶᠠᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠨᠢ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ ᠤᠨ ᠠᠭᠤᠳᠠᠮ ᠲᠠᠯᠠᠪᠠᠶ᠂ ᠰᠤᠷᠭᠠᠭᠤᠯᠢ᠂ ᠬᠤᠳᠠᠯᠳᠤᠭᠠᠨ ᠤ ᠲᠣᠭᠤᠷᠢᠭ ᠵᠡᠷᠭᠡ ᠬᠥᠮᠦᠨ ᠠᠮᠠ ᠪᠠ ᠲᠡᠷᠭᠡ ᠬᠥᠰᠬᠡ ᠲᠥᠪᠯᠡᠷᠡᠭᠰᠡᠨ ᠭᠠᠵᠠᠷ ᠤᠨ ᠲᠡᠷᠭᠡ ᠵᠣᠭᠰᠣᠭᠠᠬᠤ ᠳᠤ ᠬᠦᠴᠢᠷ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠰᠠᠭᠤᠳᠠᠯ ᠢ  ᠰᠢᠢᠳᠪᠦᠷᠢᠯᠡᠬᠦ ᠶᠢᠨ ᠲᠤᠰᠠᠳᠠ᠂ ᠪᠣᠳᠠᠲᠠᠶ ᠪᠠᠶᠢᠳᠠᠯ ᠢ ᠦᠨᠳᠦᠰᠦᠯᠡᠨ᠂ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠬᠤᠶᠠᠷ ᠢ ᠬᠦᠷᠢᠶᠡᠯᠡᠬᠦ ᠠᠭᠤᠳᠠᠮ ᠲᠠᠯᠠᠪᠠᠶ ᠶᠢᠨ ᠪᠠᠷᠠᠭᠤᠨ ᠲᠠᠯ᠎ᠠ ︵ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠡᠭᠦᠨ ᠲᠠᠯ᠎ᠠ ︶ ᠶᠢᠨ ᠬᠤᠭᠤᠰᠣᠨ ᠭᠠᠵᠠᠷ ᠲᠤ ᠨᠢᠭᠡ ᠲᠡᠷᠭᠡ ᠵᠣᠭᠰᠣᠬᠤ ᠲᠠᠯᠠᠪᠠᠶ    ᠪᠠᠶᠢᠭᠤᠯᠵᠤ᠂ 5000 ᠭᠠᠷᠤᠶ ᠲᠡᠭᠰᠢ ᠳᠥᠷᠪᠡᠯᠵᠢᠨ ᠮᠧᠲᠷ ᠢ ᠡᠵᠡᠯᠡᠨ᠎ᠡ᠃ ᠲᠣᠰ ᠲᠡᠷᠭᠡᠨ ᠵᠣᠭᠰᠣᠭᠠᠯ ᠢ 5 ᠰᠠᠷ᠎ᠠ ᠶᠢᠨ 14 ᠤ ᠡᠳᠦᠷ ᠠᠴᠠ ᠡᠬᠢᠯᠡᠨ ᠪᠠᠶᠢᠭᠤᠯᠵᠤ᠂ 7 ᠰᠠᠷ᠎ᠠ ᠶᠢᠨ 16 ᠤ ᠡᠳᠦᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号