ᠪᠠᠷᠠᠭᠤᠨ ᠦᠵᠦᠮᠦᠴᠢᠨ ᠬᠤᠰᠢᠭᠤ ᠤᠷᠴᠢᠨ ᠲᠤᠭᠤᠷᠢᠨ  ᠢᠶᠠᠨ ᠬᠠᠮᠠᠭᠠᠯᠠᠬᠤ ᠶᠢ ᠤᠷᠠᠶᠢᠯᠠᠭᠰᠠᠨ 600 ᠬᠥᠮᠥᠨ  ᠤ ᠠᠯᠬᠤᠬᠤ ᠬᠦᠳᠡᠯᠭᠡᠭᠡᠨ ᠦᠷᠨᠢᠬᠦᠯᠪᠠ
ᠨᠡᠶᠢᠲᠡᠯᠡᠭᠰᠡᠨ ᠴᠠᠭ᠄
2024/5/27
                                                     5 ᠰᠠᠷ᠎ᠠ ᠶᠢᠨ 24  ᠤ ᠡᠳᠦᠷ᠂ ᠪᠠᠷᠠᠭᠤᠨ ᠦᠵᠦᠮᠦᠴᠢᠨ ᠬᠤᠰᠢᠭᠤ ︽ ᠪᠢ ᠪᠠᠷᠠᠭᠤᠨ ᠦᠵᠦᠮᠦᠴᠢᠨ ᠬᠤᠰᠢᠭᠤᠨ ᠳᠠᠭᠠᠨ ᠬᠤᠪᠢ ᠨᠡᠮᠡᠷᠢ ᠦᠵᠡᠭᠦᠯᠦᠶ᠎ᠡ︾ ᠭᠡᠬᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠳᠣ ᠠᠯᠬᠤᠬᠤ ᠠᠵᠢᠯᠯᠠᠭ᠎ᠠ ᠥᠷᠨᠢᠭᠦᠯᠵᠡᠢ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠪᠥᠬᠦ ᠬᠤᠰᠢᠭᠤᠨ ᠤ ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠵᠡᠷᠭᠡ ᠡᠯ᠎ᠡ ᠬᠦᠷᠢᠶ᠎ᠡ ᠴᠠᠷ᠎ᠠ ᠳᠠᠬᠢ 600 ᠭᠠᠷᠤᠢ ᠬᠥᠮᠥᠨ 10 ᠺᠢᠯᠣᠮᠧᠲᠷ ᠠᠯᠬᠤᠵᠦ  ᠂ ᠵᠠᠮ ᠲᠤᠵᠢ ᠤᠯᠠᠨ ᠢᠶᠠᠷ ᠢᠶᠠᠨ  ᠪᠠᠶᠢᠭᠠᠯᠢ ᠶᠢᠨ ᠭᠤᠶᠤ ᠰᠠᠶᠢᠬᠠᠨ ᠦᠩᠬᠡ ᠦᠵᠡᠮᠵᠢ ᠶᠢ ᠮᠠᠳᠠᠷᠡᠬᠦ ᠶᠢᠨ ᠲᠠᠭᠠᠤ ᠳᠠᠭᠠᠨ ᠵᠠᠮ ᠵᠢᠴᠢ ᠡᠪᠡᠰᠦ ᠮᠣᠳᠣᠨ ᠳᠤ ᠨᠢᠭᠤᠭᠳᠠᠵᠤ ᠪᠠᠶᠢᠭ᠎ᠠ ᠠᠮᠢᠳᠤᠷᠠᠯ ᠤᠨ ᠬᠤᠭ ᠨᠣᠪᠰᠢ ᠶᠢ ᠨᠠᠷᠢᠨ ᠬᠢᠨᠠᠮᠠᠭᠠᠢ ᠲᠡᠭᠦᠵᠦ  ᠂  ︽ ᠲᠤᠤᠷ᠎ᠠ  ᠨᠠᠬᠦᠷᠡᠰᠣᠳᠦ᠋ᠷᠦᠭᠴᠢᠳᠣ  ᠠᠶᠠᠯᠠᠯ︾ ᠪᠠ ᠪᠣᠬᠢᠷᠲᠤᠯ ᠦᠭᠡᠢ ᠠᠮᠢᠳᠤᠷᠠᠯ ᠤᠨ  ᠠᠷᠭ᠎ᠠ ᠬᠡᠯᠪᠡᠷᠢ ᠶᠢ ᠤᠬᠠᠭᠤᠯᠤᠨ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ ᠬᠦᠴᠦᠨ ᠨᠡᠮᠡᠷᠢᠯᠡᠵᠦ᠂ ᠪᠠᠶᠠᠨ ᠬᠦᠴᠦᠷᠬᠡᠭ᠂ ᠠᠷᠠᠳᠴᠢᠯᠠᠯ ᠲᠠᠢ᠂ ᠪᠣᠯᠪᠠᠰᠤᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠬᠠᠮᠲᠤ ᠪᠠᠷ ᠴᠣᠭᠴᠠᠯᠠᠨ  ᠪᠠᠶᠢᠭᠤᠯᠬᠤ ᠳᠤ ᠬᠤᠪᠢ ᠨᠠᠮᠠᠷᠢ ᠪᠠᠨ ᠦᠵᠡᠬᠦᠯᠬᠦ ᠪᠠᠷ ᠤᠷᠠᠶᠢᠯᠠᠨ ᠲᠠᠶᠢᠴᠢᠯᠠᠭᠰᠠᠨ ᠪᠠᠶᠢᠨ᠎ᠠ  ᠃
           ᠠᠵᠢᠯᠯᠠᠭᠠᠨ ᠤ ᠵᠠᠮ ᠳᠤ  ᠪᠠᠰᠠ ᠠᠰᠠᠭᠤᠯᠳᠠ ᠬᠠᠷᠢᠭᠤᠯᠬᠤ ᠴᠡᠭ ᠲᠤᠬᠢᠷᠠᠭᠤᠯᠤᠨ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠶᠢᠨ ᠬᠠᠮᠲᠤ  ᠬᠠᠮᠲᠤ ᠶᠢᠨ ᠨᠢᠭᠲᠠᠷᠠᠯ ᠤᠨ ᠬᠦᠴᠦᠨ ᠢ  ᠴᠢᠩᠭᠠᠳᠬᠠᠵᠡᠢ  ᠃
     ᠲᠤᠰ ᠤᠳᠠᠭᠠᠨ ᠤ ᠠᠵᠢᠯᠯᠠᠭ᠎ᠠ ᠨᠢ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠢᠳᠡᠪᠬᠢᠲᠡᠢ  ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ  ᠦᠨᠢᠳᠠ ᠶᠢᠨ ᠦᠪ  ︾ ᠪᠠ ︽ᠡᠷᠡᠭᠦᠯ ᠡᠩᠬᠡ ᠬᠤᠲᠠ᠂ ᠡᠷᠡᠭᠦᠯ ᠴᠢᠭᠢᠷᠠᠭ ᠪᠡᠶ᠎ᠡ ᠮᠠᠬᠠᠪᠤᠳ ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠦᠬᠦ ᠨᠡᠶᠢᠭᠡᠮ ᠢᠶᠠᠷ ᠢᠶᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠭᠤᠣᠯ ᠮᠥᠷᠡᠨ ᠢᠶᠠᠨ ᠬᠠᠶᠢᠷᠠᠯᠠᠵᠤ ᠬᠠᠮᠠᠭᠠᠯᠠᠬᠤ  ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠳᠤ ᠬᠠᠮᠲᠤᠪᠠᠷ ᠣᠷᠣᠯᠴᠠᠬᠤ ᠶᠢ ᠤᠷᠢᠶᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠪᠦᠬᠦ ᠠᠷᠠᠳ ᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠬᠠᠮᠲᠤᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ  ᠵᠤᠷᠢᠭᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ  ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ  ᠡᠷᠬᠢᠯᠠᠪᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号