ᠮᠠᠯᠴᠢᠨ ᠠᠯᠲᠠᠨᠰᠦ᠋ᠬᠡ ᠶᠢᠨ ᠮᠠᠯ ᠠᠵᠤ ᠠᠬᠤᠢ ᠪᠠ ᠠᠮᠢ ᠠᠬᠤᠢ ᠶᠢᠨ ᠬᠤᠣᠰ ᠦᠷ᠎ᠡ ᠠᠰᠢᠭ ᠬᠦᠷᠲᠡᠭᠰᠡᠨ ᠮᠠᠯᠵᠢᠯ ᠤᠨ ᠣᠬᠠᠭᠠᠨ
ᠨᠡᠶᠢᠲᠡᠯᠡᠭᠰᠡᠨ ᠴᠠᠭ᠄
2024/5/27
     ᠦᠵᠡᠰᠭᠦᠯᠡᠩᠲᠦ ᠰᠠᠶᠢᠬᠠᠨ ᠥᠷᠭᠡᠨ ᠠᠭᠤᠳᠠᠮ ᠦᠵᠦᠮᠦᠴᠢᠨ ᠨᠤᠲᠤᠭ ᠤᠨ ᠥᠩ ᠰᠢᠮᠡᠯᠢᠭ ᠪᠡᠯᠴᠢᠭᠡᠷ ᠲᠤ ᠢᠳᠡᠰᠢᠯᠡᠨ ᠷᠠᠰᠢᠶᠠᠨ ᠲᠤᠩᠭᠠᠯᠠᠭ ᠣᠰᠣᠨ  ᠢᠶᠠᠷ ᠣᠮᠳᠠᠭᠠᠯᠠᠭᠰᠠᠨ ᠦᠵᠦᠮᠦᠴᠢᠨ ᠴᠠᠭᠠᠨ ᠠᠳᠣᠭᠤ ᠨᠢ  ᠦᠵᠦᠮᠦᠴᠢᠨᠴᠣᠳ ᠤᠨ ᠠᠮᠢᠨ ᠬᠠᠶᠢᠷᠠᠲᠠᠢ ᠮᠣᠷᠢ ᠡᠷᠳᠡᠨᠢ ᠪᠢᠯᠡ  ᠃      ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ  ᠰᠤᠮᠤᠨ ᠤ ᠪᠠᠶᠠᠨᠴᠠᠭᠠᠨ ᠭᠠᠴᠠᠭᠠᠨ ᠤ ᠮᠠᠯᠴᠢᠨ ᠠᠯᠲᠠᠨᠰᠦ᠋ᠬᠡ ᠶᠢᠨ ᠬᠢ ᠣᠯᠠᠨ ᠵᠢᠯ ᠴᠠᠭᠠᠨ ᠠᠳᠣᠭᠤ ᠮᠠᠯᠵᠢᠵᠤ  ᠂ ᠦᠵᠦᠮᠦᠴᠢᠨ ᠴᠠᠭᠠᠨ ᠠᠳᠣᠭᠤᠨ ᠤ ᠪᠠᠨ ᠤᠳᠤᠮ ᠣᠭᠰᠢᠯ ᠢ ᠬᠠᠮᠠᠭᠠᠯᠠᠨ᠂ ᠨᠣᠲᠤᠭ ᠪᠡᠯᠴᠢᠭᠡᠷ ᠲᠡᠭᠡᠨ ᠵᠣᠬᠢᠴᠠᠭᠤᠯᠣᠨ ᠮᠠᠯᠵᠢᠭᠰᠠᠭᠠᠷ ᠢᠷᠡᠵᠡᠢ᠃ ᠠᠯᠲᠠᠨᠰᠦ᠋ᠬᠡ ᠶᠢᠨ ᠬᠢ ᠣᠣᠯ ᠠᠴᠠ ᠪᠠᠨ ᠮᠠᠯ ᠤᠨᠤᠭ᠎ᠠ ᠵᠣᠵᠠᠭᠠᠨ ᠴᠢᠨᠡᠭᠡᠯᠢᠭ ᠡᠷᠥᠬᠡ ᠶᠢᠨ ᠨᠢᠭᠡᠨ ᠶᠤᠮ᠃  ᠤᠶᠢᠷ᠎ᠠ ᠶᠢᠨ ᠬᠡᠳᠦᠨ ᠵᠢᠯ ᠤᠨ ᠨᠤᠲᠤᠭ ᠪᠡᠯᠴᠢᠭᠡᠷ ᠤᠨ ᠬᠤᠪᠢᠷᠠᠯᠲᠠ᠂ ᠮᠠᠯ ᠤᠨ ᠲᠡᠵᠢᠭᠡᠯᠭᠡ ᠠᠷᠠᠴᠢᠯᠠᠭ᠎ᠠ ᠶᠢᠨ ᠦᠭᠡᠷᠡᠴᠢᠯᠡᠯᠲᠡ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ  ᠬᠡᠯᠪᠡᠯᠵᠡᠯᠲᠡ ᠶᠢᠨ ᠪᠠᠶᠢᠳᠠᠯ ᠢ ᠰᠢᠨᠵᠢᠨ ᠠᠯᠲᠠᠨᠰᠦ᠋ᠬᠡ ᠮᠠᠯ ᠰᠦᠷᠦᠭ ᠤᠨ ᠪᠦᠲᠦᠴᠡ ᠳᠡᠭᠡᠨ ᠵᠣᠷᠢᠭᠲᠠᠢ ᠲᠤᠬᠢᠷᠠᠭᠤᠯᠤᠯᠲᠠ ᠬᠢᠵᠦ᠂ ᠡᠮᠦᠨ᠎ᠡ ᠬᠡᠳᠦᠨ ᠵᠢᠯ ᠬᠤᠨᠢ ᠪᠠᠨ ᠪᠦᠬᠦᠨ ᠢ ᠬᠤᠳᠠᠯᠳᠣᠵᠤ᠂ 2023 ᠤᠨ ᠳᠤ ᠠᠷᠪᠠᠭᠠᠳ ᠦᠬᠡᠷ ᠦᠯᠡᠳᠡᠭᠡᠨ 70 ᠭᠠᠷᠣᠢ ᠦᠬᠡᠷ ᠢᠶᠠᠨ ᠬᠤᠳᠠᠯᠳᠣᠵᠤ  ᠂ ᠦᠵᠦᠮᠦᠴᠢᠨ ᠴᠠᠭᠠᠨ ᠠᠳᠣᠭᠤ ᠪᠠᠨ ᠭᠤᠣᠯᠯᠠᠨ ᠮᠠᠯᠵᠢᠵᠠᠢ  ᠃      ᠠᠯᠲᠠᠨᠰᠦ᠋ᠬᠡ ᠮᠠᠯ ᠪᠡᠯᠴᠢᠭᠡᠷ ᠤᠨ ᠲᠡᠩᠴᠡᠭᠦᠷᠢᠰᠢᠯ ᠢ ᠮᠠᠯᠵᠢᠬᠤ ᠦᠢᠯᠡᠳᠪᠦᠷᠢᠯᠡᠯ ᠤᠨ ᠲᠡᠷᠢᠭᠦᠨ ᠳᠤ ᠲᠠᠯᠪᠢᠵᠤ  ᠂  5000 ᠭᠠᠷᠣᠢ ᠮᠦ ᠨᠤᠲᠤᠭ ᠪᠡᠯᠴᠢᠭᠡᠷ ᠲᠡᠭᠡᠨ ᠵᠢᠷᠠᠭᠠᠳ ᠴᠠᠭᠠᠨ ᠠᠳᠣᠭᠤ ᠪᠠᠨ ᠵᠤᠬᠢᠴᠠᠭᠤᠯᠤᠨ᠂  ᠵᠣᠨ ᠨᠠᠮᠣᠷ  ᠂ ᠡᠪᠦᠯ  ᠬᠠᠪᠣᠷ ᠪᠡᠯᠴᠢᠭᠡᠷ ᠰᠡᠯᠭᠦᠨ ᠮᠠᠯᠵᠢᠵᠤ᠂ ᠠᠮᠢ ᠠᠬᠤᠢ ᠪᠡᠯᠴᠢᠭᠡᠷ ᠨᠤᠲᠤᠭ ᠢᠶᠠᠨ ᠬᠠᠮᠠᠭᠠᠯᠠᠭᠰᠠᠨ ᠰᠠᠭᠤᠷᠢᠨ ᠳᠡᠭᠡᠷ᠎ᠡ ᠮᠠᠯ ᠤᠨ ᠡᠭᠦᠯᠳᠡᠷ ᠣᠭᠰᠠᠭ᠎ᠠ ᠶᠢ ᠰᠢᠯᠢᠳᠡᠭᠵᠢᠭᠦᠯᠦᠨ ᠴᠦᠭᠡᠨ ᠲᠣᠭᠠᠨ ᠠᠴᠠ ᠦᠨᠳᠦᠷ ᠦᠷ᠎ᠡ ᠠᠰᠢᠭ ᠬᠥᠷᠲᠡᠬᠦ ᠶᠢ ᠵᠣᠷᠢᠵᠠᠢ᠃ ᠲᠡᠷᠡᠪᠡᠷ 2019 ᠣᠨ ᠳᠤ ᠠᠳᠣᠭᠤᠨ ᠰᠦᠷᠦᠭ ᠢ ᠨᠢ ᠮᠣᠩᠭᠤᠯ ᠠᠳᠣᠭᠤᠨ ᠤ ᠡᠭᠦᠯᠳᠡᠷ ᠬᠠᠮᠠᠭᠠᠯᠠᠬᠤ ᠭᠤᠣᠯᠳᠠᠯᠭᠠᠲᠤ ᠰᠦᠷᠦᠭ ᠢᠶᠠᠷ ᠬᠢᠨᠠᠨ ᠲᠤᠭᠲᠠᠭᠠᠵᠤ᠂ ᠵᠠᠰᠠᠭ ᠤᠨ ᠣᠷᠳᠣᠨ ᠠᠴᠠ ᠵᠢᠯ ᠪᠦᠷᠢ ᠭᠡᠭᠦᠦ ᠪᠦᠷᠢ ᠮᠢᠩᠭᠠᠨ ᠲᠥᠭᠦᠷᠢᠭ  ᠤᠨ ᠨᠦᠬᠦᠪᠦᠷᠢ ᠣᠯᠭᠤᠭᠰᠠᠨ ᠢᠶᠠᠷ ᠮᠣᠩᠭᠤᠯ ᠠᠳᠣᠭᠤᠨ ᠤ ᠪᠠᠨ ᠡᠭᠦᠯᠳᠡᠷ ᠢ ᠬᠠᠮᠠᠭᠠᠯᠠᠨ ᠨᠤᠲᠤᠭ ᠠᠳᠣᠭᠤ ᠮᠠᠯᠵᠢᠬᠤ ᠳᠤ ᠨᠢ ᠵᠣᠷᠢᠭ ᠬᠦᠴᠦ ᠨᠡᠮᠡᠭᠰᠡᠨ ᠪᠠᠶᠢᠨ᠎ᠠ  ᠃       ᠠᠯᠲᠠᠨᠰᠦ᠋ᠬᠡ ᠠᠳᠣᠭᠤ ᠮᠠᠯᠵᠢᠬᠤ ᠲᠤᠬᠠᠢ ᠥᠪᠡᠷ ᠤᠨ ᠭᠡᠰᠡᠨ ᠦᠵᠡᠯ ᠪᠤᠳᠣᠯ ᠲᠠᠢ ᠪᠠᠶᠢᠳᠠᠭ᠃ ᠲᠡᠷᠡ ᠬᠡᠯᠡᠬᠦ ᠳᠡᠭᠡᠨ᠄ ︽ᠠᠳᠣᠭᠤ ᠶᠡᠷᠦᠨᠢ ᠥᠭᠡᠷ᠎ᠡ ᠲᠥᠷᠦᠯ ᠤᠨ ᠮᠠᠯ ᠢ ᠪᠤᠳᠤᠪᠠᠯ ᠪᠡᠯᠴᠢᠭᠡᠷ ᠨᠣᠲᠤᠭ ᠲᠤ ᠭᠠᠮᠳᠠᠢ᠃ ᠨᠡᠩ ᠢᠯᠠᠩᠭᠤᠶ᠎ᠠ ᠨᠤᠲᠤᠭ ᠠᠳᠣᠭᠤ ᠨᠢ ᠡᠪᠦᠯ ᠤᠨ ᠣᠯᠠᠷᠢᠯ ᠳᠤ ᠬᠦᠢᠲᠡᠨ ᠳᠤ ᠳᠠᠭᠠᠭᠠᠴᠠ ᠲᠠᠢ᠂ ᠪᠡᠯᠴᠢᠭᠡᠷᠯᠡᠨ ᠮᠠᠯᠵᠢᠬᠤ ᠳᠤ ᠵᠣᠬᠢᠨ᠎ᠡ᠃ ᠫᠧᠩ ᠰᠠᠷᠠᠪᠴᠢ ᠬᠤᠷᠤᠭ᠎ᠠ ᠬᠠᠰᠢᠶ᠎ᠠ ᠬᠡᠷᠡᠭᠰᠡᠬᠦ ᠦᠭᠡᠢ᠂ ᠬᠦᠳᠡᠯᠮᠦᠷᠢ ᠬᠦᠴᠦ ᠪᠠᠭ᠎ᠠ ᠲᠠᠢ ᠠᠶᠢᠯ ᠠᠳᠣᠭᠤ ᠮᠠᠯᠵᠢᠬᠤ ᠨᠢ ᠵᠤᠬᠢᠮᠵᠢᠲᠠᠢ  ︾  ᠭᠡᠯ᠎ᠡ  ᠃ ᠣᠣᠯ ᠨᠢ ᠡᠳᠡᠨᠡᠶᠢᠬᠢᠨ ᠨᠠᠮᠤᠷ ᠲᠠᠭᠠᠨ 500 ᠵᠢᠩ ᠤᠨ ᠪᠤᠭᠤᠯᠲᠠ ᠲᠠᠢ ᠡᠪᠡᠰᠦ ᠶᠢ ᠳᠥᠷᠪᠡ ᠲᠠᠪᠤᠨ ᠵᠠᠭᠤᠨ ᠪᠤᠭᠤᠯᠲᠠ ᠨᠦᠭᠡᠴᠡᠯᠡᠳᠡᠭ ᠪᠠᠶᠢᠭᠰᠠᠨ ᠪᠣᠯ ᠦᠩᠭᠡᠷᠡᠭᠰᠡᠨ ᠡᠪᠦᠯ ᠡᠳᠡᠨᠡᠶᠢᠬᠢᠨ ᠵᠥᠪᠬᠡᠨ ᠵᠠᠭᠤ ᠭᠠᠷᠣᠢ ᠪᠤᠭᠤᠯᠲᠠ ᠨᠦᠭᠡᠴᠡᠯᠡᠵᠦ᠂ ᠠᠳᠣᠭᠤ ᠪᠠᠨ ᠡᠪᠦᠯᠵᠢᠨ ᠪᠡᠯᠴᠢᠭᠡᠷ ᠲᠤ ᠭᠠᠷᠭᠠᠬᠤ ᠶᠢᠨ ᠵᠡᠷᠭᠡ ᠥᠷᠯᠦᠭᠡ ᠤᠷᠤᠢ ᠬᠥᠬᠡ ᠡᠪᠡᠰᠦᠨ ᠲᠡᠵᠢᠭᠡᠯ  ᠨᠡᠮᠡᠵᠦ᠂ ᠠᠳᠣᠭᠤᠨ ᠰᠦᠷᠦᠭ ᠨᠢ ᠲᠠᠷᠭᠤ ᠬᠦᠴᠦᠲᠡᠢ ᠮᠡᠨᠳᠦ ᠤᠨᠳᠤᠷᠤᠵᠤ  ᠂ ᠲᠥᠯ ᠮᠠᠯ ᠨᠢ ᠴᠤ ᠲᠤᠷᠨᠢᠭᠤᠨ ᠪᠤᠶᠢᠵᠢᠭᠰᠠᠨ ᠪᠠᠶᠢᠨ᠎ᠠ  ᠃ ᠡᠶᠢᠨᠬᠦ ᠮᠠᠯᠴᠢᠨ ᠠᠯᠲᠠᠨᠰᠦ᠋ᠬᠡ ᠮᠠᠯᠵᠢᠬᠤ ᠦᠢᠯᠡᠳᠪᠦᠷᠢᠯᠡᠯ ᠡᠷᠬᠢᠯᠡᠬᠦ ᠳᠡᠭᠡᠨ  ᠪᠠᠶᠢᠭᠠᠯᠢ ᠤᠷᠴᠢᠨ ᠤ ᠬᠤᠪᠢᠷᠠᠯᠲᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠰᠣᠷᠭᠤᠭ ᠢᠶᠠᠷ ᠠᠵᠢᠵᠤ  ᠂ ᠮᠠᠯ ᠰᠦᠷᠦᠭ ᠤᠨ ᠪᠦᠲᠦᠴᠡ ᠳᠡᠭᠡᠨ ᠵᠤᠷᠢᠭᠲᠠᠢ ᠲᠤᠬᠢᠷᠠᠭᠤᠯᠤᠯᠲᠠ ᠬᠢᠵᠦ  ᠂ ᠴᠠᠭ ᠦᠶ᠎ᠡ ᠳᠤ ᠵᠤᠬᠢᠴᠠᠭᠰᠠᠨ  ᠂ ᠪᠠᠶᠢᠭᠠᠯᠢ ᠨᠤᠲᠤᠭ ᠢᠶᠠᠨ ᠬᠠᠮᠠᠭᠠᠯᠠᠭᠰᠠᠨ  ᠂ ᠦᠷ᠎ᠡ ᠠᠰᠢᠭ ᠦᠨᠳᠦᠷ ᠮᠠᠯᠵᠢᠯ ᠤᠨ ᠠᠷᠭ᠎ᠠ ᠲᠤᠷᠰᠢᠯᠭ᠎ᠠ ᠪᠠᠷ ᠠᠮᠢᠳᠣᠷᠠᠯ ᠦᠢᠯᠡᠰ ᠢᠶᠠᠨ ᠴᠤᠭᠴᠠᠯᠠᠵᠤ  ᠶᠠᠪᠤᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号