ᠪᠢᠴᠢᠬᠠᠨ ᠪᠦᠮᠪᠦᠬᠡᠨ ᠤᠳᠤᠨ—— ᠪᠠᠶᠠᠯᠢᠭ
ᠨᠡᠶᠢᠲᠡᠯᠡᠭᠰᠡᠨ ᠴᠠᠭ᠄
2024/5/27
     ᠤᠷᠴᠢᠮᠬᠠᠨ ᠶᠠᠪᠤᠭᠳᠠᠭᠰᠠᠨ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ︽ ᠨᠠᠬᠢᠶ᠎ᠠ ᠬᠤᠨᠳᠠᠭᠠᠲᠤ︾  ᠴᠡᠴᠡᠷᠯᠢᠭ ᠤᠨ ᠬᠥᠯ ᠪᠥᠮᠪᠦᠭᠡ   ᠶᠢᠨ ᠴᠤᠭᠯᠠᠭᠠᠨ ᠳᠤ  ᠪᠢᠴᠢᠬᠠᠨ ᠪᠦᠮᠪᠦᠬᠡᠨ ᠤᠳᠤᠨ ᠪᠠᠶᠠᠯᠢᠭ ᠠᠬᠤᠢ ᠲᠠᠯᠠᠪᠠᠢ ᠶᠢᠨ ᠦᠵᠡᠭᠴᠢᠳ ᠤᠨ ᠠᠩᠬᠠᠷᠤᠯ ᠳᠤ ᠬᠦᠷᠴᠦ᠂ ᠪᠦᠮᠪᠦᠭᠡ ᠲᠠᠮᠵᠢᠭᠤᠯᠬᠤ᠂ ᠪᠦᠮᠪᠦᠭᠡ ᠤᠷᠤᠭᠤᠯᠬᠤ ᠵᠡᠷᠭᠡ  ᠬᠤᠷᠴᠠ ᠱᠠᠯᠠᠮᠠᠭᠠᠢ ᠦᠢᠯᠡ ᠬᠦᠳᠡᠯᠦᠯ ᠨᠢ ᠮᠠᠰᠢ ᠤᠯᠠᠨ ᠬᠦᠮᠦᠨ   ᠤ ᠬᠠᠷᠠᠭ᠎ᠠ ᠶᠢ  ᠪᠤᠯᠢᠶᠠᠵᠤ᠂ ᠪᠤᠰᠤᠳ ᠠᠴᠠ ᠤᠷᠤᠶᠢᠯᠠᠭᠰᠠᠨ ᠬᠦᠯ ᠪᠦᠮᠪᠦᠬᠡᠨ ᠤ ᠲᠠᠯ᠎ᠠ ᠶᠢᠨ ᠤᠷ᠎ᠠ ᠠᠪᠢᠶᠠᠰ ᠨᠢ  ᠬᠤᠷᠠᠭᠰᠠᠨ ᠤᠯᠠᠨ ᠳᠤ ᠱᠠᠭᠰᠢᠭᠳᠠᠵᠤ ᠪᠠᠶᠢᠯ᠎ᠠ᠃      ᠪᠠᠶᠠᠯᠢᠭ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ  ᠬᠡᠦᠬᠡᠳ ᠤᠨ ᠴᠡᠴᠡᠷᠯᠢᠭ ᠤᠨ 28 ᠳ᠋ᠤᠭᠠᠷ ᠠᠩᠭᠢ ᠳᠤ ᠰᠤᠷᠤᠯᠴᠠᠳᠠᠭ ᠪᠦᠬᠡᠳ ᠪᠡᠶ᠎ᠡ ᠲᠠᠮᠢᠷ ᠤᠨ ᠲᠠᠯ᠎ᠠ ᠳᠤ ᠤᠨᠴᠠ ᠠᠪᠢᠶᠠᠰ ᠲᠠᠢ᠂ ᠤᠨᠴᠠᠭᠠᠶᠢᠯᠠᠨ ᠬᠦᠯ ᠪᠦᠮᠪᠦᠬᠡᠨ  ᠳᠤ ᠮᠠᠰᠢ ᠲᠤᠷ᠎ᠠ ᠪᠠᠬ᠎ᠠ ᠲᠠᠢ ᠰᠠᠶᠢᠬᠠᠨ ᠲᠤᠭᠯᠠᠳᠠᠭ ᠠᠴᠠ ᠰᠤᠷᠭᠠᠭᠴᠢ ᠪᠠᠭᠰᠢ ᠲᠡᠭᠵᠢᠷᠡᠬᠦ ᠪᠤᠯᠤᠨ ᠡᠩᠭᠡᠳᠦ᠋ᠪᠰᠢᠨ ᠳᠤ ᠰᠤᠩᠭᠤᠭᠳᠠᠨ ᠰᠢᠰᠲ᠋ᠧᠮ ᠲᠠᠢ ᠰᠤᠷᠤᠯᠴᠠᠠ ᠪᠡᠯᠡᠳᠭᠡᠯ ᠪᠤᠯᠪᠠᠰᠤᠷᠠᠯ ᠰᠠᠶᠢᠨ ᠬᠢᠭᠰᠡᠨ ᠢᠶᠠᠷ ᠲᠤᠰ ᠤᠳᠠᠭᠠᠨ ᠤ ᠤᠷᠤᠯᠳᠤᠭᠠᠨ ᠳᠤ ᠮᠠᠰᠢ ᠰᠠᠶᠢᠨ ᠬᠢᠷᠢ ᠪᠦᠳᠦᠮᠵᠢ ᠡᠬᠦᠳᠴᠦ᠂ ᠨᠡᠶᠢᠲᠡ 5 ᠲᠠᠯᠠᠪᠠᠢ ᠤᠷᠤᠯᠳᠤᠭᠠᠨ ᠳᠤ ᠭᠠᠪᠰᠢᠭᠠᠶᠢᠯᠠᠨ᠂ 11 ᠪᠦᠮᠪᠦᠭᠡ ᠤᠷᠤᠭᠤᠯᠤᠭᠰᠠᠨ ᠰᠢᠯᠢᠳᠡᠭ ᠬᠢᠷᠢ ᠪᠦᠳᠦᠮᠵᠢ ᠡᠬᠦᠳᠦᠨ ︽ᠰᠢᠯᠢᠳᠡᠭ ᠪᠦᠮᠪᠦᠭᠡᠴᠢᠨ︾ ᠢᠶᠠᠷ ᠬᠦᠬᠢᠬᠦᠯᠦᠭᠳᠡᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠲᠣᠰ ᠤᠳᠠᠭᠠᠨ ᠤ ᠬᠥᠯ ᠪᠥᠮᠪᠦᠭᠡ ᠶᠢᠨ ᠴᠤᠭᠯᠠᠭᠠᠨ ᠳᠤ ᠪᠥᠬᠦ ᠬᠤᠰᠢᠭᠤᠨ ᠤ 6 ᠬᠡᠦᠬᠡᠳ ᠤᠨ ᠴᠡᠴᠡᠷᠯᠢᠭ ᠤᠨ 90 ᠭᠠᠷᠤᠢ ᠲᠠᠮᠢᠷᠴᠢᠳ ᠤᠷᠤᠯᠴᠠᠨ᠂  ᠭᠤᠤᠯᠳᠠᠭᠤ ᠬᠡᠦᠬᠡᠳ ᠤᠨ  ᠪᠡᠶ᠎ᠡ ᠲᠠᠮᠢᠷ ᠤᠨ ᠬᠥᠭᠵᠢᠯᠲᠡ ᠶᠢᠨ ᠬᠢᠷᠢ ᠲᠦᠪᠰᠢᠨ ᠪᠠ ᠳᠤᠷ᠎ᠠ ᠰᠣᠨᠢᠷᠬᠠᠯ  ᠢ ᠦᠨᠳᠦᠰᠦᠯᠡᠨ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠᠷ ᠭᠤᠣᠯ ᠪᠣᠯᠭᠠᠵᠤ᠂  ᠤᠷᠮ᠎ᠠ  ᠪᠠᠬ᠎ᠠ ᠶᠢ ᠲᠣᠪᠤᠶᠢᠯᠭᠠᠨ᠂ ᠬᠡᠦᠭᠡᠳ ᠤᠨ ᠣᠷᠣᠯᠴᠠᠬᠤ ᠪᠠ ᠪᠦᠯᠬᠦᠮᠳᠡᠨ ᠬᠠᠮᠵᠢᠯᠴᠠᠬᠤ ᠶᠢ ᠴᠢᠬᠤᠯᠠᠴᠢᠯᠠᠵᠤ᠂  ᠡᠷᠡᠰ ᠬᠠᠲᠠᠭᠤ᠂ ᠡᠷᠡᠯᠬᠡᠭ ᠪᠠᠭᠠᠲᠤᠷᠯᠢᠭ᠂ ᠴᠥᠬᠦᠷᠡᠯ ᠦᠭᠡᠢ ᠬᠥᠯ ᠪᠥᠮᠪᠦᠭᠡ ᠶᠢᠨ ᠵᠣᠷᠢᠭ  ᠰᠠᠨᠠᠭ᠎ᠠ ᠶᠢ ᠪᠠᠳᠠᠷᠠᠭᠤᠯᠵᠤ᠂  ᠬᠥᠯ ᠪᠥᠮᠪᠦᠭᠡ ᠶᠢᠨ ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号